ᠳᠦᠷᠦ ᠶᠢᠨ ᠶᠠᠪᠣᠳᠠᠯ ᠤᠨ ᠬᠤᠷᠢᠶᠠᠨ ᠤ ᠬᠤᠶᠠᠳᠣᠭᠠᠷ ᠣᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019-04-26
     4 ᠰᠠᠷ᠎ᠠ ᠶᠢᠨ 23 ᠤ ᠡᠳᠦᠷ ᠳᠦᠷᠦ ᠶᠢᠨ ᠶᠠᠪᠣᠳᠠᠯ ᠤᠨ ᠬᠤᠷᠢᠶᠠᠨ ᠤ ᠬᠤᠶᠠᠳᠣᠭᠠᠷ ᠣᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ  ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠬᠡᠯ᠂ ᠪᠠᠶᠠᠨᠴᠢᠮᠡᠭ᠂ ᠯᠢ ᠬᠤᠩ ᠯᠢᠶᠠᠩ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠼᠣᠣ ᠶᠢᠨ ᠱᠠᠨ᠂ ᠨᠠᠷᠢᠠᠭᠤᠤᠯ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠳᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠳᠠᠯᠪᠢᠵᠦ ᠡᠯ᠎ᠡ ᠱᠠᠳᠣᠨ ᠤ ᠵᠠᠰᠠᠭ ᠤᠨ ᠣᠷᠳᠣᠨ ᠬᠦᠭᠵᠢᠯᠲᠡ ᠶᠢ ᠠᠬᠢᠭᠤᠯᠬᠤ ᠪᠣᠯᠣᠨ ᠢᠯᠵᠢᠷᠡᠯ ᠢ ᠡᠰᠡᠷᠬᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠵᠡᠷᠭᠡᠪᠡᠷ ᠠᠳᠬᠤᠵᠦ ᠵᠡᠷᠭᠡᠪᠡᠷ ᠠᠬᠢᠭᠤᠯᠬᠤ ᠶᠢ ᠪᠠᠷᠢᠮᠳᠠᠯᠠᠵᠦ ᠡᠯ᠎ᠡ ᠵᠦᠢᠯ ᠤᠨ ᠴᠢᠬᠤᠯᠠ ᠶᠡᠭᠡ ᠳᠦᠷᠦ ᠶᠢᠨ ᠪᠣᠳᠣᠯᠭ᠎ᠠ ᠶᠢ ᠡᠷᠡᠰ ᠳᠦᠢᠯᠪᠦᠷᠢᠲᠡᠢ ᠨᠠᠶᠢᠳᠠᠪᠣᠷᠢᠵᠢᠭᠤᠯᠬᠤ ᠬᠡᠷᠡᠭᠲᠡᠢ ᠬᠡᠵᠦ ᠵᠢᠭᠠᠵᠦ ᠭᠠᠷᠭᠠᠪᠠ᠃      ᠯᠢ ᠺᠧ ᠴᠢᠶᠠᠩ ᠡᠯ᠎ᠡ ᠱᠠᠳᠣᠨ ᠤ ᠵᠠᠰᠠᠭ ᠤᠨ ᠣᠷᠳᠣᠨ ᠪᠣᠯᠣᠨ ᠰᠠᠯᠠᠭ᠎ᠠ ᠮᠦᠴᠢᠷ ᠶᠡᠷᠦᠩᠬᠡᠢ ᠱᠦᠵᠢ ᠰᠢ  ᠶᠢᠨ ᠫᠢᠩ ᠤᠨ ᠳᠦᠪ ᠤᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠭᠤᠷᠪᠠᠳᠣᠭᠠᠷ ᠪᠦᠬᠦᠳᠡ ᠬᠤᠷᠠᠯ  ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠳᠦᠪ ᠤᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠭᠤᠷᠪᠠᠳᠣᠭᠠᠷ ᠪᠦᠬᠦᠳᠡ ᠬᠤᠷᠠᠯ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠪᠣᠯᠣᠨ ᠢᠯᠵᠢᠷᠡᠯ ᠢ ᠡᠰᠡᠷᠬᠦᠴᠡᠬᠦ ᠠᠵᠢᠯ ᠢ ᠬᠦᠨᠵᠡᠬᠡᠶᠢᠷᠡᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ ︽ᠳᠦᠷᠪᠡᠨ ᠣᠬᠠᠮᠰᠠᠷ︾ ᠢ ᠪᠠᠳᠣ ᠪᠣᠢ ᠪᠣᠯᠭᠠᠵᠦ ︽ᠳᠦᠷᠪᠡᠨ ᠢᠳᠡᠭᠡᠯ︾ ᠢᠶᠠᠨ ᠪᠠᠲᠤᠳᠬᠠᠨ ︽ ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ ᠠᠵᠢᠯᠴᠢ ᠬᠢᠴᠢᠶᠡᠩᠬᠦᠢ ᠠᠷᠢᠭᠤᠨ ᠴᠢᠬᠡᠴᠢ ᠪᠠᠷ ᠪᠣᠳᠠᠳᠠᠢ ᠠᠵᠢᠯᠯᠠᠵᠦ ᠳᠠᠰᠣᠷᠠᠯᠳᠠ ᠦᠬᠡᠢ ᠰᠢᠨ᠎ᠡ ᠠᠮᠵᠢᠯᠳᠠ ᠪᠦᠲᠦᠮᠵᠢ ᠡᠬᠦᠳᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号