ᠤᠶᠢᠷ᠎ᠠ ᠶᠢᠨ ᠡᠳᠦᠷ᠂ ︽ᠨᠤᠮᠢᠨ ᠲᠠᠩᠰᠤᠭ ᠦᠤᠰᠢᠨ ᠳᠤ ᠮᠤᠷᠢᠯᠠᠨ ᠰᠠᠭᠠᠳᠠᠵᠤ ᠰᠢᠷᠬᠤᠰᠤᠨ ᠭᠤᠤᠯ ᠤᠨ | ᠨᠢᠭᠤᠴᠠ ᠶᠢ ᠬᠠᠶᠢᠬᠤ︾ ᠪᠦᠬᠦ ᠤᠯᠤᠰ ᠤᠨ ᠰᠤᠷᠴᠤ ᠰᠤᠳᠤᠯᠬᠤ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ | ᠠᠩᠬᠠᠳᠠᠭᠴᠢ ᠪᠦᠯᠦᠭ ᠪᠠᠭᠰᠢ ᠰᠤᠷᠤᠭᠴᠢᠳ ᠤᠨ ᠪᠦᠯᠬᠦᠮ ᠮᠠᠨ ᠤ ᠬᠤᠰᠢᠭᠤᠨ ᠤ ᠰᠢᠷᠬᠤᠰᠤᠨ ᠪᠠᠯᠭᠠᠰᠤᠨ ᠳᠤ | ᠢᠷᠡᠵᠦ ᠰᠤᠷᠴᠤ ᠰᠤᠳᠤᠯᠬᠤ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠳᠤ ᠤᠷᠤᠯᠴᠠᠨ ᠲᠤᠷᠰᠢᠯᠭ᠎ᠠ ᠪᠠᠨ | ᠰᠤᠯᠢᠯᠴᠠᠪᠠ᠃ ᠡᠬᠢᠯᠡᠯᠲᠡ ᠶᠢᠨ ᠶᠤᠰᠤᠯᠠᠯ ᠳᠤ ᠬᠤᠰᠢᠭᠤ ᠳᠡᠳ᠋ ᠲᠠᠷᠤᠭ᠎ᠠ ᠯᠢ ᠬᠤᠩ ᠯᠢᠶᠠᠩ ᠪᠠᠶᠠᠷ ᠤᠨ ᠦᠬᠡ | ᠶᠠᠷᠢᠵᠤ᠂ ᠬᠤᠰᠢᠭᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠭᠡᠨ ᠤ | ᠲᠦᠪ᠂ ᠰᠢᠷᠬᠤᠰᠤ ᠬᠠᠮᠢᠶᠠᠷᠤᠯᠳᠠ ᠶᠢᠨ ᠵᠦᠪᠯᠡᠯ᠂ ᠰᠢᠷᠬᠤᠰᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ | ᠶᠢᠨ ᠲᠤᠪᠴᠢᠶ᠎ᠠ᠂ ᠲᠤᠭᠤᠶᠢᠯᠠᠩ ᠰᠤᠶᠤᠯ ᠵᠤᠭᠠᠴᠠᠯ ᠤᠨ ᠬᠢᠵᠠᠭᠠᠷᠲᠤ ᠺᠤᠮᠫᠠᠨᠢ ᠵᠡᠷᠭᠡ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠤᠷᠤᠯᠴᠠᠪᠠ᠃ | ᠠᠵᠢᠯᠯᠠᠭᠠᠨ ᠤ ᠬᠤᠭᠤᠴᠠᠭᠠᠨ ᠳᠤ ︽ᠨᠤᠮᠢᠨ ᠲᠠᠩᠰᠤᠭ ᠦᠤᠰᠢᠨ ᠳᠤ ᠮᠤᠷᠢᠯᠠᠨ ᠰᠠᠭᠠᠳᠠᠵᠤ ᠰᠢᠷᠬᠤᠰᠤᠨ | ᠭᠤᠤᠯ ᠤᠨ ᠨᠢᠭᠤᠴᠠ ᠶᠢ ᠬᠠᠶᠢᠬᠤ︾ ᠭᠤᠤᠯ ᠰᠡᠳᠦᠪᠲᠤ ᠰᠤᠷᠴᠤ ᠰᠤᠳᠤᠯᠬᠤ ᠰᠤᠯᠢᠯᠴᠠᠭ᠎ᠠ᠂ ᠰᠢᠷᠬᠤᠰᠤ ᠬᠡᠷᠡᠯ | ᠵᠢᠷᠤᠭ ᠤᠨ ᠪᠦᠲᠦᠬᠡᠯ ᠤᠨ ᠲᠡᠯᠭᠡᠨ ᠦᠵᠡᠬᠦᠯᠦᠯᠭᠡ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ᠂ ᠮᠤᠷᠢᠨ | ᠬᠤᠭᠤᠷ ᠤᠨ ᠰᠤᠶᠤᠯ ᠤᠨ ᠦᠵᠡᠬᠦᠯᠦᠯᠭᠡ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠠᠪᠤᠭᠳᠠᠭᠤᠯᠪᠠ᠃ | ᠲᠤᠬᠠᠢ ᠶᠢᠨ ᠲᠠᠯᠠᠪᠠᠢ ᠳᠤ 115 ᠪᠠᠭᠰᠢ ᠰᠤᠷᠤᠭᠴᠢ ᠰᠢᠷᠬᠤᠰᠤ ᠶᠢᠨ ᠬᠠᠭᠤᠴᠢ ᠪᠠᠭᠤᠷᠢ ᠳᠤ ᠬᠦᠷᠴᠦ | ᠪᠠᠭᠰᠢ ᠠᠴᠠ ᠰᠢᠷᠬᠤᠰᠤᠨ ᠭᠤᠤᠯ ᠤᠨ ᠰᠠᠪᠠ ᠲᠠᠭᠠᠤ ᠭᠠᠵᠠᠷ ᠤᠨ ᠪᠦᠲᠦᠴᠡ᠂ ᠭᠠᠵᠠᠷ ᠤᠨ ᠪᠠᠶᠢᠴᠠ᠂ ᠭᠠᠵᠠᠷ ᠤᠨ | ᠭᠠᠳᠠᠷᠭᠤ ᠶᠢᠨ ᠬᠡᠯᠪᠡᠷᠢ ᠪᠠᠶᠢᠳᠠᠯ ᠢ ᠰᠤᠷᠤᠭᠴᠢᠳ ᠲᠤ ᠲᠠᠶᠢᠯᠪᠤᠷᠢᠯᠠᠨ ᠤᠶᠢᠯᠠᠭᠠᠭᠤᠯᠵᠤ ᠰᠤᠷᠤᠭᠴᠢᠳ ᠲᠡᠮᠳᠡᠭᠯᠡᠯ | ᠬᠢᠨ ᠰᠢᠷᠬᠤᠰᠤᠨ ᠭᠤᠤᠯ ᠤᠨ ᠨᠢᠭᠤᠴᠠ ᠶᠢ ᠬᠠᠶᠢᠵᠤ ᠡᠬᠡ ᠪᠠᠶᠢᠭᠠᠯᠢ ᠲᠠᠢ ᠪᠠᠨ ᠡᠶ᠎ᠡ ᠵᠤᠬᠢᠴᠠᠩᠭᠤᠢ ᠤᠷᠤᠰᠢᠨ | ᠠᠮᠢᠳᠤᠷᠠᠬᠤ ᠢᠳᠡᠭᠡᠯ ᠵᠤᠷᠢᠭ ᠢᠶᠠᠨ ᠢᠯᠡᠳᠬᠡᠵᠡᠭᠡᠪᠡ᠃ |