ᠮᠠᠨ ᠤ ᠬᠤᠰᠢᠭᠤ ᠮᠠᠯ ᠲᠠᠷᠢᠶᠠᠯᠠᠩ ᠤᠨ ᠴᠢᠨᠡᠷ ᠰᠠᠶᠢᠳᠠᠢ ᠬᠦᠭᠵᠢᠯᠳᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-04-26
     ᠮᠠᠯ ᠲᠠᠷᠢᠶᠠᠯᠠᠩ ᠤᠨ ᠠᠵᠤ ᠦᠢᠯᠡᠰ ᠤᠨ ᠴᠢᠨᠡᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠨᠢ ᠭᠤᠤᠯᠯᠠᠭᠴᠢ ᠦᠢᠯᠡᠳᠦᠯ ᠦᠵᠡᠬᠦᠯᠳᠡᠭ ᠶᠤᠮ᠃ ᠮᠠᠨ ᠤ  ᠬᠤᠰᠢᠭᠤ ᠮᠠᠯ ᠲᠠᠷᠢᠶᠠᠯᠠᠩ ᠤᠨ ᠶᠡᠷᠦᠩᠬᠡᠶᠢᠯᠡᠭᠰᠡᠨ ᠨᠡᠬᠡᠬᠡᠯᠳᠡ ᠶᠢᠨ ᠲᠦᠷᠦᠯ ᠵᠦᠢᠯ ᠢ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠲᠤᠬᠢᠷᠠᠭᠤᠯᠤᠨ ᠲᠦᠬᠡᠮᠡᠯᠵᠢᠬᠦᠯᠦᠭᠰᠡᠨ ᠢᠶᠠᠷ ᠴᠢᠨᠡᠷ ᠰᠠᠶᠢᠳᠠᠢ ᠬᠦᠭᠵᠢᠯᠳᠡ ᠳᠤ ᠪᠠᠳᠤ ᠰᠠᠭᠤᠷᠢ ᠲᠠᠯᠪᠢᠵᠤ ᠮᠠᠯᠴᠢᠨ ᠲᠠᠷᠢᠶᠠᠴᠢᠳ ᠠᠰᠢᠭ ᠬᠦᠷᠳᠡᠭᠰᠡᠨ ᠪᠠᠶᠢᠨ᠎ᠠ᠃      ᠰᠦᠯᠳᠡ ᠰᠣᠮᠣᠨ ᠤ ᠳᠣᠭᠤᠷᠢᠮ ᠭᠠᠴᠠᠭᠠᠨ ᠤ ᠬᠡᠰᠡᠭ ᠡᠷᠦᠬᠡ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠵᠠᠪᠳᠤᠵᠤ ᠤᠰᠤ ᠠᠷᠪᠢᠯᠠᠬᠤ ᠤᠰᠤᠯᠠᠯᠳᠠ ᠶᠢᠨ ᠲᠦᠷᠦᠯ ᠵᠦᠢᠯ ᠢ ᠲᠠᠷᠢᠶᠠᠨ ᠭᠠᠵᠠᠷ ᠲᠠᠭᠠᠨ ᠤᠷᠤᠭᠤᠯᠤᠭᠠᠳ ᠶᠠᠭᠠᠷᠠᠨ᠎ᠠ᠃ ᠡᠨᠡᠬᠦ ᠤᠰᠤ ᠠᠷᠪᠢᠯᠠᠬᠤ ᠤᠰᠤᠯᠠᠯᠳᠠ ᠶᠢᠨ ᠲᠦᠷᠦᠯ ᠵᠦᠢᠯ ᠢ ᠭᠤᠷᠪᠠᠨ ᠰᠤᠮᠤ ᠪᠠᠯᠭᠠᠰᠤᠨ ᠤ ᠬᠡᠰᠡᠭ ᠮᠠᠯᠴᠢᠨ ᠲᠠᠷᠢᠶᠠᠴᠢᠨ ᠡᠷᠦᠬᠡ ᠳᠤ ᠤᠭᠰᠠᠷᠠᠬᠤ ᠠᠵᠢᠯ ᠵᠡᠷᠬᠡᠪᠡᠷ ᠶᠠᠪᠤᠭᠳᠠᠵᠤ ᠲᠦᠷᠪᠡᠳᠦᠬᠡᠷ ᠰᠠᠷ᠎ᠠ ᠶᠢᠨ ᠰᠡᠬᠦᠯᠴᠢ  ᠳᠤ ᠪᠦᠬᠦᠨ ᠢ ᠲᠠᠭᠤᠰᠬᠠᠬᠤ ᠪᠠᠷ ᠪᠤᠢ᠃      ᠰᠦᠯᠳᠡ ᠰᠣᠮᠣᠨ ᠤ ᠳᠣᠭᠤᠷᠢᠮ ᠭᠠᠴᠠᠭᠠᠨ ᠤ ᠮᠠᠯᠴᠢᠨ ᠵᠢᠭᠳᠡᠨᠪᠠᠭᠠᠳᠣᠷ ᠶᠢᠨ ᠬᠢᠨ 80 ᠭᠠᠷᠣᠢ ᠦᠬᠡᠷ᠂ 100 ᠭᠠᠷᠣᠢ ᠣᠷᠳᠣᠰ ᠤᠨ ᠨᠠᠷᠢᠨ ᠨᠣᠣᠰᠣᠳᠣ ᠬᠤᠨᠢ ᠮᠠᠯᠵᠢᠵᠤ ᠪᠠᠶᠢᠳᠠᠭ᠃ ᠬᠡᠪᠡᠴᠦ ᠡᠪᠡᠰᠦ ᠪᠤᠷᠳᠤᠭᠠᠨ ᠤ ᠰᠠᠭᠤᠷᠢᠨ ᠭᠠᠵᠠᠷ ᠦᠬᠡᠢ ᠠᠴᠠ ᠨᠠᠰᠤ ᠠᠭᠰᠢᠷᠠᠭᠰᠠᠨ ᠬᠤᠶᠠᠷ ᠨᠠᠰᠤᠳᠠᠨ ᠬᠤᠨᠢ ᠦᠬᠡᠷ ᠢᠶᠠᠨ ᠦᠷᠬᠦᠯᠵᠢᠯᠡᠨ ᠮᠠᠯᠵᠢᠬᠤ ᠳᠤ ᠬᠦᠴᠢᠷᠳᠡᠵᠦ ᠪᠠᠶᠢᠵᠠᠢ᠃ ᠡᠨ᠋ᠨ ᠵᠢᠯ ᠮᠠᠨ ᠤ ᠬᠤᠰᠢᠭᠤᠨ ᠤ ᠮᠡᠯ ᠳᠠᠷᠢᠶᠠᠯᠠᠩ ᠤᠨ ᠶᠡᠷᠦᠩᠬᠡᠶᠢᠯᠡᠭᠰᠡᠨ ᠨᠡᠬᠡᠬᠡᠯᠳᠡ ᠶᠢᠨ ᠠᠯᠪᠡᠨ ᠭᠡᠷ ᠠᠴᠠ 55000 ᠳᠦᠬᠦᠷᠢᠭ ᠤᠨ ᠪᠡᠯᠡ ᠣᠷᠣᠭᠤᠯᠵᠣ ᠣᠰᠣ ᠠᠷᠪᠢᠯᠠᠬᠤ ᠣᠰᠣᠯᠠᠯᠳᠠ  ᠶᠢᠨ ᠳᠦᠷᠣᠯ ᠵᠣᠶᠢᠯ ᠤᠨ ᠨᠢᠬᠡ ᠪᠤᠯᠬᠤ 50 ᠮᠣ᠋ ᠶᠢᠨ ᠰᠢᠯᠢᠳᠡᠭ ᠴᠢᠨᠡᠷ ᠤᠨ ᠪᠣᠷᠣ ᠴᠠᠷᠭᠠᠰᠤᠨ ᠤ ᠰᠠᠭᠤᠷᠢᠨ ᠭᠠᠵᠠᠷ ᠪᠠᠶᠢᠭᠤᠯᠵᠤ ᠤᠰᠤ ᠠᠷᠪᠢᠯᠠᠬᠤ ᠤᠰᠤᠯᠠᠯᠳᠠ ᠶᠢᠨ ᠬᠤᠭᠤᠯᠠᠢ ᠤᠭᠰᠠᠷᠠᠵᠤ  ᠦᠭᠭᠦᠭᠰᠡᠨ ᠪᠠᠶᠢᠨ᠎ᠠ᠃ ᠵᠢᠭᠳᠡᠨᠪᠠᠭᠠᠳᠣᠷ᠄ ︽ᠮᠠᠨ ᠤ ᠳᠤ ᠰᠦᠷᠴᠢᠬᠦᠷ ᠣᠰᠣᠯᠠᠯᠳᠠ ᠶᠢᠨ ᠳᠦᠷᠣᠯ ᠵᠣᠶᠢᠯ ᠢ ᠦᠨ᠎ᠡ ᠳᠦᠯᠣᠪᠣᠷᠢ ᠦᠬᠡᠢ  ᠪᠠᠷ ᠣᠷᠣᠭᠤᠯᠵᠣ ᠪᠢᠳᠠᠨ ᠳᠤ ᠮᠠᠰᠢ ᠳᠦᠬᠦᠮ ᠦᠵᠡᠬᠦᠯᠵᠣ ᠣᠰᠣ ᠠᠷᠪᠢᠯᠠᠵᠣ᠂ ᠬᠦᠴᠣ ᠠᠷᠪᠢᠯᠠᠵᠣ ᠮᠠᠨ ᠤ ᠮᠠᠩᠬᠠᠨ ᠭᠠᠵᠠᠷ ᠲᠤ ᠰᠠᠶᠢᠬᠠᠨ ᠲᠤᠬᠢᠷᠠᠭᠰᠠᠨ ᠪᠠᠶᠢᠨ᠎ᠠ︾ ᠭᠡᠵᠤ ᠰᠡᠳᠬᠢᠯ ᠬᠠᠨᠤᠮᠵᠢᠲᠠᠢ ᠶᠠᠷᠢᠭᠰᠠᠨ ᠪᠠᠶᠢᠨ᠎ᠠ᠃      ᠮᠠᠨ ᠤ ᠬᠤᠰᠢᠭᠤ ᠡᠨ᠋ᠨ ᠵᠢᠯ ᠡᠯ᠎ᠡ ᠱᠠᠳᠣᠨ ᠤ ᠡᠳ᠋ ᠤᠨ ᠵᠠᠰᠠᠭ ᠤᠨ ᠪᠡᠯᠡ ᠣᠷᠣᠭᠤᠯᠣᠯᠳᠠ ᠪᠣᠯᠣᠨ ᠳᠦᠷᠣᠯ ᠵᠣᠶᠢᠯ ᠤᠨ ᠡᠷᠣᠬᠡ ᠶᠢᠨ ᠦᠪᠡᠷᠳᠡᠭᠡᠨ ᠭᠠᠷᠭᠠᠬᠤ ᠪᠡᠯᠡ ᠮᠦᠡᠭᠬᠦ ᠶᠢ ᠬᠠᠮᠳᠤᠷᠠᠭᠤᠯᠵᠤ ᠨᠠᠶᠢᠳᠡ 1505 ᠳᠦᠮᠡᠨ ᠳᠦᠬᠦᠷᠢᠭ ᠤᠨ ᠪᠡᠯᠡ ᠤᠷᠤᠭᠤᠯᠤᠯᠳᠠ ᠪᠠᠷ ᠮᠠᠯ ᠳᠠᠷᠢᠶᠠᠯᠡᠩ ᠤᠨ ᠶᠡᠷᠦᠩᠬᠡᠶᠢᠯᠡᠭᠰᠡᠨ ᠨᠡᠬᠡᠬᠡᠯᠳᠡ ᠶᠢᠨ ᠳᠦᠷᠣᠯ ᠵᠣᠶᠢᠯ ᠢ ᠰᠢᠷᠬᠤᠰᠣᠨ ᠪᠠᠯᠭᠠᠰᠣ᠂ ᠰᠦᠯᠳᠡ ᠰᠣᠮᠣ ᠪᠣᠯᠣᠨ ᠣᠯᠠᠭᠠᠨᠳᠣᠯᠣᠭᠠᠢ ᠪᠠᠯᠭᠠᠰᠣᠨ ᠤ 23 ᠭᠠᠴᠠᠭ᠎ᠠ ᠳᠣᠰᠬᠤᠨ ᠤ ᠬᠡᠷ ᠪᠦᠯᠢ ᠶᠢᠨ ᠮᠠᠯᠵᠢᠯ ᠤᠨ ᠵᠢᠱᠢᠶᠠᠴᠢ ᠡᠷᠣᠬᠡ᠂ ᠣᠰᠣ ᠠᠷᠪᠢᠯᠠᠬᠤ ᠣᠰᠣᠯᠠᠯᠳᠠ ᠶᠢᠨ ᠳᠠᠵᠢᠬᠡᠯ ᠪᠣᠷᠳᠣᠭᠠᠨ ᠤ ᠰᠠᠭᠤᠷᠢᠨ ᠭᠠᠵᠡᠷ ᠤᠨ ᠡᠷᠣᠬᠡ᠂ ᠪᠡᠯᠴᠢᠬᠡᠷ ᠨᠣᠳᠤᠭ ᠢ ᠦᠬᠡᠷᠡᠴᠢᠯᠡᠨ ᠰᠠᠶᠢᠵᠢᠷᠠᠭᠤᠯᠬᠤ ᠡᠷᠣᠬᠡ ᠵᠡᠷᠭᠡ 180 ᠭᠠᠷᠣᠢ ᠡᠷᠣᠭᠡ ᠳᠤ ᠬᠡᠷᠡᠭᠵᠢᠬᠦᠯᠦᠭᠰᠡᠨ ᠪᠠᠶᠢᠨ᠎ᠠ᠃ ᠡᠨᠡᠬᠦ ᠲᠦᠷᠦᠯ ᠵᠦᠢᠯ ᠤᠨ ᠬᠡᠷᠡᠭᠵᠢᠬᠦᠯᠦᠯᠳᠡ ᠨᠢ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠲᠤᠳᠠᠮᠠᠭ᠂ ᠤᠰᠤᠨ ᠤ ᠡᠬᠢ ᠰᠤᠷᠪᠤᠯᠵᠢ ᠲᠤᠳᠠᠮᠠᠭ ᠪᠠᠶᠢᠳᠠᠯ ᠢ ᠰᠢᠢᠳᠪᠤᠷᠢᠯᠡᠬᠦ ᠮᠦᠷᠳᠡᠬᠡᠨ ᠮᠠᠯᠴᠢᠨ ᠳᠠᠷᠢᠶᠠᠴᠢᠨ ᠤ ᠣᠷᠣᠯᠭ᠎ᠠ ᠶᠢᠨ ᠨᠡᠮᠡᠭᠳᠡᠯ ᠪᠠ ᠮᠠᠯ ᠳᠠᠷᠢᠶᠠᠯᠡᠩ ᠤᠨ ᠦᠢᠯᠡᠰ ᠤᠨ ᠴᠢᠨᠡᠷ ᠰᠠᠶᠢᠳᠠᠢ ᠬᠦᠭᠵᠢᠯᠳᠡ ᠳᠤ ᠰᠠᠭᠤᠷᠢ ᠲᠠᠯᠪᠢᠵᠤ ᠴᠢᠳᠠᠭᠰᠠᠨ ᠪᠠᠶᠢᠨ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号