ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠲᠦᠩᠯᠢᠶᠤᠤ ᠬᠤᠲᠠ ᠶᠢᠨ ᠰᠤᠷᠭᠠᠭᠤᠯᠢ ᠲᠠᠢ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-04-27
   3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 3 ᠤ ᠡᠳᠦᠷ ᠪᠣᠯᠲᠠᠯ᠎ᠠ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ 15 ᠪᠠᠭᠰᠢ ᠲᠦᠩᠯᠢᠶᠤᠤ ᠮᠣᠩᠭᠤᠯ ᠦᠨᠳᠦᠰᠦᠲᠡᠨ ᠤ ᠳᠤᠮᠳᠠᠳᠤ  ᠰᠤᠷᠭᠠᠭᠤᠯᠢ ᠪᠠ ᠲᠦᠩᠯᠢᠶᠤᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠴᠦ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠡᠢ᠃ ᠪᠠᠭᠰᠢ ᠨᠠᠷ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠵᠦ᠂ ᠬᠢᠴᠢᠶᠡᠯ ᠰᠣᠨᠣᠰᠴᠤ᠂ ᠬᠢᠴᠢᠶᠡᠯ ᠦᠨᠡᠯᠡᠨ ᠲᠤᠷᠰᠢᠯᠭ᠎ᠠ ᠪᠠᠨ ᠰᠣᠯᠢᠯᠴᠠᠭᠰᠠᠨ ᠢᠶᠠᠷ ᠪᠠᠷᠠᠬᠤ ᠦᠭᠡᠢ ᠳᠣᠰ ᠰᠤᠷᠭᠠᠭᠤᠯᠢ ᠶᠢᠨ ᠪᠥᠲᠦᠭᠡᠨ ᠪᠠᠶᠢᠭᠤᠯᠤᠯᠲᠠ ᠶᠢ ᠲᠤᠭᠤᠷᠢᠨ ᠦᠵᠡᠬᠦ᠂ ᠰᠤᠷᠭᠠᠭᠤᠯᠢ ᠶᠢᠨ ᠬᠠᠮᠢᠶᠠᠷᠤᠯᠲᠠ ᠪᠠ ᠰᠣᠶᠣᠯ ᠤᠨ ᠪᠥᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠮᠡᠲᠤ ᠶᠢᠨ ᠠᠵᠢᠯᠯᠠᠭ᠎ᠠ ᠨᠤᠭᠤᠳ ᠢ ᠴᠤ ᠶᠠᠪᠤᠭᠳᠠᠭᠤᠯᠤᠭᠰᠠᠨ ᠪᠠᠶᠢᠨ᠎ᠠ᠃
   
    ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠪᠠᠭᠰᠢ ᠨᠠᠷ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠤᠭᠤᠰᠢᠲᠠᠢ ᠠᠳᠬᠤᠬᠤ᠂ ᠦᠨᠳᠦᠰᠦᠲᠡᠨ ᠤ ᠰᠣᠶᠣᠯ ᠤᠯᠠᠮᠵᠢᠯᠠᠯ ᠢᠶᠠᠨ ᠰᠢᠨ᠎ᠡ ᠴᠠᠭ ᠦᠶ᠎ᠡ ᠶᠢᠨ ᠣᠨᠴᠠᠯᠢᠭ ᠪᠠᠶᠢᠳᠠᠯ ᠲᠠᠢ ᠵᠣᠬᠢᠴᠠᠭᠤᠯᠤᠨ ᠣᠯᠠᠮᠵᠢᠯᠠᠨ ᠵᠠᠯᠭᠠᠮᠵᠢᠯᠠᠬᠤ ᠲᠠᠯ᠎ᠠ ᠳᠡᠭᠡᠷ᠎ᠡ ᠴᠥᠮ ᠵᠣᠬᠢᠬᠤ ᠰᠢᠨ᠎ᠡ ᠣᠶᠢᠯᠠᠭᠠᠯᠲᠠ ᠲᠠᠨᠢᠯᠲᠠ ᠲᠠᠢ ᠪᠣᠯᠵᠤ ᠴᠢᠳᠠᠭᠰᠠᠨ ᠨᠢ ᠭᠠᠵᠠᠷ ᠣᠷᠣᠨ ᠤ ᠬᠤᠭᠤᠷᠤᠨᠳᠤᠬᠢ  ᠲᠤᠷᠰᠢᠯᠭ᠎ᠠ ᠬᠢᠭᠡᠳ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠪᠬᠢ ᠠᠴᠢ ᠬᠤᠯᠪᠣᠭᠳᠠᠯ ᠲᠠᠢ ᠪᠣᠯᠵᠠᠢ᠃
 
ᠢᠷᠡᠯᠲᠡ᠄ ᠣᠷᠳᠣᠰ ᠰᠣᠷᠭᠠᠨ ᠬᠦᠮᠦᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号