4 ᠰᠡᠷ᠎ᠡ ᠶᠢᠨ 18 ᠤ ᠡᠳᠦᠷ ᠦᠤᠰᠢᠨ ᠬᠤᠰᠢᠭᠤᠨ ᠤ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠦᠪ ᠠᠴᠠ | ᠭᠤᠤᠯᠯᠠᠨ ᠡᠷᠬᠢᠯᠡᠭᠰᠡᠨ ︽ᠦᠤᠰᠢᠨ ᠬᠤᠰᠢᠭᠤᠨ ᠤ ᠵᠢᠭᠠᠨ ᠰᠤᠷᠭᠠᠯᠳᠠ ᠶᠢᠨ ᠰᠤᠳᠤᠯᠭᠠᠨ ᠤ ᠠᠵᠢᠯ ᠤᠨ ᠲᠤᠰᠬᠠᠢ | ᠪᠤᠯᠪᠠᠰᠤᠷᠠᠯ︾ ᠭᠠᠯᠠᠭᠤᠳᠤ ᠪᠠᠯᠭᠠᠰᠤᠨ ᠳᠤ ᠶᠠᠪᠤᠭᠳᠠᠵᠤ᠂ ᠪᠦᠬᠦ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠲᠤᠮᠳᠠᠳᠤ | ᠪᠠᠭ᠎ᠠ ᠰᠤᠷᠭᠠᠭᠤᠯᠢ ᠶᠢᠨ ᠵᠢᠭᠠᠨ ᠰᠤᠳᠤᠯᠤᠭᠴᠢ᠂ ᠴᠡᠴᠡᠷᠯᠢᠭ ᠤᠨ ᠵᠢᠭᠠᠨ ᠰᠤᠳᠤᠯᠤᠭᠴᠢ᠂ ᠲᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ᠂ ᠲᠤᠬᠠᠶᠢᠯᠠᠭᠰᠡᠨ ᠠᠵᠢᠯ ᠤᠨ ᠲᠡᠳ᠋ ᠵᠠᠬᠢᠷᠤᠯ᠂ ᠵᠢᠭᠠᠨ ᠰᠤᠳᠤᠯᠭᠠᠨ ᠤ ᠲᠤᠭᠤᠶᠢᠯᠠᠩ ᠤᠨ | ᠬᠠᠮᠢᠶ᠎ᠠ ᠪᠦᠬᠦᠢ ᠬᠠᠷᠢᠭᠤᠴᠠᠯᠭᠠᠳᠠᠨ ᠨᠡᠷ ᠤᠷᠤᠯᠴᠠᠭᠰᠡᠨ ᠪᠠᠶᠢᠨ᠎ᠠ᠃ ᠪᠤᠯᠪᠠᠰᠤᠷᠠᠯ ᠲᠡᠬᠡᠷ᠎ᠡ ᠲᠦᠩᠯᠢᠶᠤᠤ ᠬᠤᠳᠠ ᠶᠢᠨ | ᠵᠢᠭᠠᠬᠤ ᠶᠢ ᠰᠤᠳᠤᠯᠬᠤ ᠳᠠᠰᠤᠭ ᠤᠨ ᠲᠡᠳ᠋ ᠡᠷᠬᠢᠯᠡᠭᠴᠢ ᠵᠢᠷᠤᠮᠳᠤ ᠪᠠᠭᠰᠢ ᠶᠢ ᠤᠷᠢᠵᠤ ︽ᠵᠢᠭᠠᠬᠤ ᠶᠢ ᠰᠤᠳᠤᠯᠬᠤ | ᠠᠵᠢᠯ ᠤᠨ ᠪᠦᠳᠦᠮᠵᠢ ᠶᠢ ᠬᠡᠷᠬᠢᠨ ᠲᠡᠬᠡᠭᠰᠢᠯᠡᠬᠦᠯᠬᠦ ᠪᠤᠢ︾᠂ ︽ᠪᠠᠭᠰᠢ ᠶᠢᠨ ᠬᠦᠭᠵᠢᠯᠳᠡ ᠶᠢ ᠬᠡᠷᠬᠢᠨ ᠠᠬᠢᠭᠤᠯᠬᠤ ᠪᠤᠢ︾ | ᠬᠡᠬᠦ ᠬᠤᠶᠠᠷ ᠠᠭᠤᠯᠭᠠᠪᠠᠷ ᠲᠤᠰᠬᠠᠢ ᠰᠡᠳᠦᠪ ᠤᠨ ᠶᠠᠷᠢᠶ᠎ᠠ ᠪᠠ ᠵᠢᠭᠠᠨ ᠵᠢᠯᠤᠭᠤᠳᠤᠯᠭ᠎ᠠ ᠬᠢᠯᠬᠡᠪᠡ᠃ | | | ᠲᠤᠰ ᠤᠳᠠᠭᠠᠨ ᠤ ᠪᠤᠯᠪᠠᠰᠤᠷᠠᠯ ᠢᠶᠠᠷ ᠲᠠᠮᠵᠢᠭᠠᠳ ᠪᠢᠳᠠ ᠦᠩᠬᠡᠷᠡᠭᠰᠡᠨ ᠤ ᠵᠢᠭᠠᠨ ᠰᠤᠷᠭᠠᠯᠳᠠ ᠶᠢᠨ ᠰᠤᠳᠤᠯᠭᠠᠨ ᠤ | ᠠᠵᠢᠯ ᠳᠤ ᠪᠠᠨ ᠡᠷᠬᠢᠴᠡᠬᠦᠯᠦᠯ ᠲᠤᠩᠭᠠᠯᠳᠠ ᠬᠢᠭᠰᠡᠨ ᠮᠦᠷᠳᠡᠬᠡᠨ ᠵᠢᠭᠠᠨ ᠰᠤᠳᠤᠯᠤᠭᠴᠢᠳ ᠤᠨ ᠢᠶᠠᠨ ᠲᠤᠬᠠᠶᠢᠯᠠᠭᠰᠡᠨ | ᠠᠵᠢᠯ ᠤᠨ ᠬᠡᠪ ᠪᠤᠯᠪᠠᠰᠤᠷᠠᠯ ᠢ ᠤᠯᠠᠮ ᠨᠢᠬᠡ ᠠᠯᠬᠤᠮ ᠰᠠᠶᠢᠵᠢᠷᠠᠭᠤᠯᠤᠨ ᠲᠡᠬᠡᠭᠰᠢᠯᠡᠬᠦᠯᠬᠦ ᠳᠤ ᠪᠤᠯᠪᠠᠰᠤᠷᠠᠯ ᠲᠤᠰᠠᠯᠠᠮᠵᠢ | ᠪᠤᠯᠭᠠᠵᠤ ᠴᠢᠳᠠᠪᠠ᠃ ᠮᠦᠨᠴᠦ ᠬᠤᠵᠢᠮ ᠤᠨ ᠵᠢᠭᠠᠨ ᠰᠤᠷᠭᠠᠯᠳᠠ ᠶᠢᠨ ᠰᠤᠳᠤᠯᠭᠠᠨ ᠤ ᠠᠵᠢᠯ ᠢᠶᠠᠨ ᠬᠠᠷᠠᠯᠳᠠᠳᠠᠢ᠂ ᠦᠷ᠎ᠡ | ᠪᠦᠳᠦᠮᠵᠢᠳᠡᠢ ᠦᠷᠨᠢᠬᠦᠯᠬᠦ ᠳᠤ ᠤᠨᠤᠯ ᠪᠠ ᠦᠢᠯᠡᠳᠦᠯᠬᠡ ᠶᠢᠨ ᠵᠢᠯᠤᠭᠤᠳᠤᠯᠭ᠎ᠠ ᠪᠤᠯᠭᠠᠵᠤ ᠴᠢᠳᠠᠭᠰᠡᠨ ᠪᠠᠶᠢᠨ᠎ᠠ᠃ |