ᠤᠯᠤᠰ ᠤᠨ ᠲᠡᠷᠢᠭᠦᠯᠡᠭᠴᠢ ᠰᠢ ᠶᠢᠨ ᠫᠢᠩ 24 ᠤ ᠡᠲᠦᠷ ᠠᠷᠠᠳ ᠤᠨ ᠶᠡᠭᠡ ᠬᠤᠷᠠᠯ ᠤᠨ ᠲᠠᠩᠭᠢᠮ ᠳᠤ | ᠴᠢᠯᠢ ᠶᠢᠨ ᠶᠡᠷᠦᠩᠭᠡᠶᠢᠯᠡᠭᠴᠢ ᠫᠢᠨᠢᠶᠧᠯᠠ ᠲᠠᠢ ᠬᠡᠯᠡᠯᠴᠡᠭᠡ ᠬᠢᠪᠡ᠃ | | | | | | | ᠰᠢ ᠶᠢᠨ ᠫᠢᠩ ᠵᠢᠭᠠᠵᠤ ᠭᠠᠷᠭᠠᠬᠰᠠᠨ ᠨᠢ᠂ ᠴᠢᠯᠢ ᠪᠤᠯ ᠰᠢᠨ᠎ᠠ ᠲᠤᠮᠲᠠᠲᠤ ᠤᠯᠤᠰ ᠲᠠᠢ ᠭᠠᠲᠠᠭᠠᠲᠤ | ᠬᠠᠷᠢᠯᠴᠠᠭ᠎ᠠ ᠪᠠᠶᠢᠭᠤᠯᠤᠭᠰᠠᠠ ᠠᠩᠬᠠᠲᠠᠭᠴᠢ ᠡᠮᠦᠨᠡᠲᠦ ᠠᠮᠧᠷᠢᠺᠠ ᠶᠢᠨ ᠤᠯᠤᠰ ᠮᠦᠠ ᠪᠦᠭᠡᠳ ᠪᠠᠰᠠ ᠲᠤᠮᠲᠠᠲᠤ | ᠤᠯᠤᠰ ᠤᠨ ᠪᠦᠷᠢᠠ ᠵᠠᠬ᠎ᠠ ᠲᠡᠯᠭᠡᠭᠦᠷ ᠤᠨ ᠠᠵᠦ ᠠᠬᠤᠢ ᠶᠢᠨ ᠪᠠᠶᠢᠷᠢ ᠰᠠᠭᠤᠷᠢ ᠶᠢ ᠮᠡᠲᠡᠷᠡᠵᠦ᠂ ᠲᠤᠮᠲᠠᠲᠤ | ᠤᠯᠤᠰ ᠲᠠᠢ ᠬᠤᠶᠠᠷ ᠲᠠᠯ᠎ᠠ ᠶᠢᠨ ᠴᠢᠯᠦᠭᠡᠲᠦ ᠠᠷᠠᠯᠵᠢᠶᠠᠠ ᠤ ᠭᠡᠯᠡᠯᠴᠡᠭᠡᠷ ᠲᠤᠭᠲᠠᠵᠦ ᠲᠡᠰ ᠲᠡᠪᠰᠢᠭᠦᠯᠬᠦ ᠶᠢ | ᠪᠡᠶᠡᠯᠡᠭᠦᠯᠦᠭᠰᠡᠡ ᠯᠠᠲ᠋ᠢᠨ ᠠᠮᠧᠷᠢᠺᠠ ᠲᠢᠪ ᠤᠨ ᠠᠩᠬᠠᠲᠠᠭᠴᠢ ᠤᠯᠤᠰ ᠮᠦᠨ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠴᠢᠬᠤᠯᠠ ᠬᠠᠮᠲᠤᠷᠠᠯᠴᠠᠭᠠᠠ ᠤ ᠬᠠᠨᠢᠲᠠᠠ ᠮᠦᠨ᠂ ᠤᠷᠲᠤ ᠬᠤᠭᠤᠴᠠᠭᠠᠨ ᠤ ᠲᠤᠷᠰᠢ | ᠲᠤᠮᠲᠠᠲᠤ ᠴᠢᠯᠢ ᠶᠢᠨ ᠬᠠᠷᠢᠯᠴᠠᠭ᠎ᠠ ᠨᠢ ᠲᠤᠮᠲᠠᠲᠤ ᠤᠯᠤᠰ ᠪᠤᠯᠤᠨ ᠯᠠᠲ᠋ᠢᠨ ᠠᠮᠧᠷᠢᠺᠠ ᠲᠢᠪ ᠤᠨ | ᠤᠯᠤᠰ ᠤᠳ ᠯᠤᠭ᠎ᠠ ᠶᠢᠨ ᠬᠠᠷᠢᠯᠴᠠᠭ᠎ᠠ ᠶᠢᠨ ᠡᠮᠦᠨ᠎ᠠ ᠡᠩᠨᠡᠭᠡᠡ ᠳᠤ ᠬᠤᠰᠢᠭᠤᠷᠠᠬᠰᠠᠭᠠᠷ ᠢᠷᠡᠵᠠᠢ᠃ ᠪᠢᠲᠠ | ᠵᠤᠷᠢᠭᠲᠠᠢ ᠪᠠᠷ ᠪᠤᠰᠤᠳ ᠠᠴᠠ ᠲᠦᠷᠦᠭᠦᠯᠡᠬᠦ ᠵᠤᠷᠢᠭ ᠰᠠᠨᠠᠭ᠎ᠠ ᠶᠢ ᠦᠷᠬᠦᠯᠵᠢᠯᠠᠠ ᠪᠠᠲᠠᠷᠠᠭᠤᠯᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠰᠢᠨ᠎ᠠ ᠠᠵᠠ ᠲᠤᠬᠢᠶᠠᠯ ᠪᠤᠯᠭᠠᠵᠦ᠂ ᠤᠯᠤᠰ ᠲᠦᠷᠦ ᠶᠢᠨ | ᠢᠲᠡᠭᠡᠯᠴᠡᠭᠡ ᠪᠤᠯᠤᠨ ᠪᠤᠲᠠᠲᠠᠢ ᠶᠢ ᠡᠷᠬᠢᠮᠯᠡᠭᠰᠡᠡ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠵᠦ᠂ ᠲᠤᠮᠲᠠᠲᠤ ᠴᠢᠯᠢ ᠶᠢᠨ | ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ ᠬᠠᠷᠢᠯᠴᠠᠭ᠎ᠠ ᠶᠢᠨ ᠰᠢᠨ᠎ᠠ ᠲᠡᠭᠲᠡᠷ ᠲᠤ ᠭᠠᠷᠬᠤ ᠶᠢ | ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠬᠦᠭᠵᠢᠯᠲᠠ ᠶᠢᠨ ᠪᠠᠶᠢᠯᠲᠤᠬᠤ ᠪᠤᠲᠤᠯᠭ᠎ᠠ ᠪᠠᠨ ᠵᠤᠯᠭᠠᠭᠤᠯᠵᠤ᠂ | ᠭᠤᠤᠯᠲᠠᠯᠭ᠎ᠠ ᠲᠠᠢ ᠬᠦᠷᠢᠶ᠎ᠠ ᠬᠡᠪᠴᠢᠶ᠎ᠠ ᠪᠤᠯᠤᠨ ᠲᠦᠷᠦᠯ ᠵᠦᠢᠯ ᠢᠶᠠᠨ ᠲᠤᠭᠲᠠᠭᠠᠵᠦ᠂ ᠴᠢᠯᠢ ᠪᠤᠯᠤᠨ ᠯᠠᠲ᠋ᠢᠨ | ᠠᠮᠧᠷᠢᠺᠠ ᠲᠢᠪ ᠤᠨ ᠤᠷᠤᠨ ᠤ ᠬᠤᠯᠪᠤᠯᠲᠤᠨ ᠨᠡᠪᠲᠡᠷᠡᠯᠴᠡᠬᠦ ᠶᠢ ᠠᠬᠢᠭᠤᠯᠤᠨ᠎ᠠ᠃ ᠬᠤᠶᠠᠷ ᠲᠠᠯ᠎ᠠ ᠶᠢᠨ ᠠᠷᠠᠯᠵᠢᠶ᠎ᠠ | ᠪᠤᠯᠤᠨ ᠪᠡᠯᠡ ᠤᠷᠤᠭᠤᠯᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ ᠲᠡᠰ ᠲᠡᠪᠰᠢᠭᠦᠯᠬᠦ ᠶᠢ ᠠᠬᠢᠭᠤᠯᠵᠦ᠂ | ᠠᠭᠤᠷᠬᠠᠢ ᠶᠢᠨ ᠦᠢᠯᠡᠰ᠂ ᠴᠡᠪᠡᠷ ᠡᠨᠧᠷᠬᠢ᠂ ᠮᠡᠲᠡᠭᠡ ᠵᠠᠩᠭᠢ ᠴᠢᠮᠡᠭᠡ ᠬᠤᠯᠪᠤᠭ᠎ᠠ᠂ ᠡᠯᠧᠺᠲᠷᠤᠨ ᠬᠤᠲᠠᠯᠲᠤᠭᠠᠠ ᠤ | ᠶᠠᠪᠤᠲᠠᠯ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ᠂ ᠡᠮᠦᠨᠡᠲᠦ ᠲᠦᠢᠯ ᠳᠠᠬᠢ ᠰᠤᠳᠤᠯᠭᠠᠨ | ᠰᠢᠨᠵᠢᠯᠡᠭᠡᠨ ᠵᠡᠷᠭᠡ ᠬᠦᠷᠢᠶᠡᠡ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠢᠷᠡᠬᠦ ᠵᠢᠯ ᠤᠨ ᠬᠤᠶᠠᠷ ᠤᠯᠤᠰ ᠤᠨ | ᠭᠠᠲᠠᠭᠠᠲᠤ ᠬᠠᠷᠢᠯᠴᠠᠭ᠎ᠠ ᠪᠠᠶᠢᠭᠤᠯᠤᠭᠰᠠᠠ 50 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠰᠠᠶᠢᠲᠤᠷ | ᠡᠷᠬᠢᠯᠡᠵᠦ᠂ ᠠᠷᠠᠳ ᠤᠨ ᠰᠡᠳᠭᠢᠯ ᠢ ᠨᠡᠪᠲᠡᠷᠡᠭᠦᠯᠬᠦ ᠶᠢ ᠠᠬᠢᠭᠤᠯᠤᠨ᠎ᠠ᠃ ᠲᠤᠮᠲᠠᠲᠤ ᠤᠯᠤᠰ᠂ ᠴᠢᠯᠢ ᠶᠢᠨ ᠡᠨᠡ | ᠵᠢᠯ ᠤᠨ ᠤᠯᠠᠠ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠶᠡᠭᠡ | ᠬᠤᠷᠠᠯ ᠪᠠ ᠠᠽᠢᠶ᠎ᠠ ᠲᠢᠪ ᠨᠤᠮᠤᠬᠠᠠ ᠲᠠᠯᠠᠢ ᠤᠷᠤᠨ ᠤ ᠠᠵᠦ ᠠᠬᠤᠢ ᠶᠢᠨ ᠬᠠᠮᠲᠤᠷᠠᠯᠴᠠᠭᠠᠠ ᠤ ᠵᠤᠬᠢᠶᠠᠠ | ᠪᠠᠶᠢᠭᠤᠯᠤᠯᠲᠠ ᠶᠢᠨ ᠤᠲᠤᠷᠢᠳᠬᠤ ᠬᠦᠮᠦᠰ ᠤᠨ ᠠᠯᠪᠠᠠ ᠶᠤᠰᠤᠨ ᠤ ᠪᠤᠰᠤ ᠬᠤᠷᠠᠯ ᠢ ᠭᠤᠤᠯᠴᠢᠯᠠᠠ ᠡᠷᠬᠢᠯᠡᠬᠦ ᠶᠢ | ᠲᠡᠮᠵᠢᠵᠦ᠂ ᠠᠽᠢᠶ᠎ᠠ ᠲᠢᠪ ᠨᠤᠮᠤᠬᠠᠠ ᠲᠠᠯᠠᠢ ᠶᠢᠨ ᠤᠷᠤᠨ ᠤ ᠴᠢᠯᠦᠭᠡᠲᠦ ᠠᠷᠠᠯᠵᠢᠶᠠᠠ ᠤ ᠲᠤᠭᠤᠷᠢᠭ ᠤᠨ ᠪᠦᠲᠦᠭᠡᠡ | ᠪᠠᠶᠢᠭᠤᠯᠤᠯᠲᠠ ᠶᠢ ᠬᠠᠮᠲᠤ ᠪᠠᠷ ᠠᠬᠢᠭᠤᠯᠵᠦ᠂ ᠤᠯᠠᠠ ᠲᠠᠯᠠᠲᠦ ᠦᠵᠡᠯ ᠪᠤᠯᠤᠨ ᠤᠯᠠᠠ ᠲᠠᠯᠠᠲᠦ ᠠᠷᠠᠯᠵᠢᠶᠠᠠ ᠤ | ᠪᠠᠶᠢᠭᠤᠯᠤᠮᠵᠢ ᠶᠢ ᠬᠠᠮᠠᠭᠠᠯᠠᠨ᠎ᠠ ᠬᠡᠪᠡ᠃ | ᠰᠢ ᠶᠢᠨ ᠫᠢᠩ᠂ ᠲᠤᠮᠲᠠᠲᠤ ᠤᠯᠤᠰ ᠯᠠᠲ᠋ᠢᠨ ᠠᠮᠧᠷᠢᠺᠠ ᠲᠢᠪ ᠪᠤᠯᠤᠨ ᠺᠠᠷᠢᠪᠧ ᠲᠠᠩᠭᠢᠰ ᠤᠨ ᠤᠷᠤᠨ ᠤ | ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠤᠯ ᠦᠨᠡᠡᠲᠡᠭᠡᠡ ᠬᠦᠭᠵᠢᠵᠦ ᠪᠠᠶᠢᠭ᠎ᠠ ᠤᠯᠤᠰ ᠤᠳ ᠤᠨ | ᠬᠤᠭᠤᠷᠤᠨᠲᠤᠬᠢ ᠬᠠᠮᠲᠤᠷᠠᠯᠴᠠᠭ᠎ᠠ ᠮᠦᠨ᠂ ᠬᠤᠶᠠᠷ ᠲᠠᠯ᠎ᠠ ᠪᠠᠷ ᠢᠶᠠᠨ ᠦᠷᠬᠦᠯᠵᠢᠯᠡᠡ ᠬᠠᠷᠢᠯᠴᠠᠠ ᠬᠠᠪᠰᠤᠷᠤᠯᠴᠠᠵᠦ᠂ | ᠬᠠᠷᠢᠯᠴᠠᠠ ᠲᠡᠮᠵᠢᠵᠦ᠂ ᠲᠠᠪᠠᠭᠤᠯᠢᠭ ᠢᠶᠠᠷ ᠢᠶᠠᠨ ᠬᠠᠷᠢᠯᠴᠠᠠ ᠨᠦᠬᠦᠪᠦᠷᠢᠯᠡᠡ᠂ ᠬᠠᠷᠢᠯᠴᠠᠠ ᠠᠰᠢᠭ ᠲᠠᠢ ᠬᠠᠮᠲᠤ ᠪᠠᠷ | ᠠᠰᠢᠭ ᠬᠦᠷᠲᠡᠵᠦ᠂ ᠬᠦᠭᠵᠢᠠ ᠮᠠᠠᠲᠤᠬᠤ ᠶᠢ ᠬᠠᠮᠲᠤ ᠪᠠᠷ ᠪᠡᠶᠡᠯᠡᠭᠦᠯᠵᠦ᠂ ᠲᠤᠮᠲᠠᠲᠤ ᠯᠠᠲ᠋ᠢᠨ ᠠᠮᠧᠷᠢᠺᠠ ᠲᠢᠪ ᠤᠨ | ᠬᠤᠪᠢ ᠵᠠᠶᠠᠭᠠᠠ ᠤ ᠬᠠᠮᠳᠤ ᠶᠢᠨ ᠴᠤᠭᠴᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠫᠢᠨᠢᠶᠧᠯᠠ ᠢᠯᠡᠷᠭᠡᠶᠢᠯᠡᠭᠰᠡᠨ ᠨᠢ᠂ ᠴᠢᠯᠢ ᠲᠤᠮᠳᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ | ᠬᠤᠶᠠᠷ ᠤᠯᠤᠰ ᠤᠨ ᠬᠠᠷᠢᠯᠴᠠᠭ᠎ᠠ ᠮᠠᠰᠢ ᠲᠦᠷᠭᠡᠨ ᠬᠦᠭᠵᠢᠪᠠ᠃ ᠴᠢᠯᠢ ᠠᠭᠤᠤ ᠶᠡᠭᠡ ᠲᠤᠮᠳᠠᠳᠤ ᠤᠯᠤᠰ ᠤᠨ ᠦᠨᠢ | ᠤᠳᠠᠭᠠᠨ ᠭᠡᠷᠡᠯ ᠰᠠᠴᠤᠷᠠᠩᠭᠤᠢ ᠲᠠᠤᠭᠡ ᠶᠢᠨ ᠪᠤᠯᠪᠠᠰᠤᠨ ᠢ ᠪᠢᠰᠢᠷᠡᠵᠤ᠂ ᠪᠦᠭᠦᠳᠠ ᠨᠠᠶᠢᠷᠠᠮᠳᠠᠬᠤ ᠲᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ ᠤᠯᠤᠭᠰᠠᠨ ᠯᠤᠳᠤ ᠶᠡᠭᠡ ᠠᠮᠵᠢᠯᠲᠠ ᠪᠦᠲᠦᠮᠵᠢ ᠪᠤᠯᠤᠨ | ᠭᠦᠮᠤᠨ ᠲᠦᠷᠤᠯᠬᠢᠳᠠᠨ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ ᠲᠡᠭᠡᠳᠤ ᠬᠡᠮᠵᠢᠶ᠎ᠠ ᠪᠠᠷ ᠦᠨᠡᠯᠡᠵᠤ | ᠪᠠᠶᠢᠨ᠎ᠠ᠃ ᠲᠡᠷᠢᠭᠦᠯᠡᠭᠴᠢ ᠰᠢ ᠶᠢᠨ ᠫᠢᠡᠭ ᠤᠨ ᠲᠤᠷᠠᠳᠤᠨ ᠭᠠᠷᠭᠠᠭᠰᠠᠨ ︽ᠨᠢᠭᠡ ᠪᠦᠰᠡ ᠨᠢᠭᠡ ᠵᠠᠮ︾ ᠢ | ᠬᠠᠮᠳᠤ ᠪᠠᠷ ᠪᠦᠳᠤᠭᠡᠨ ᠪᠠᠶᠢᠭᠤᠯᠬᠤ ᠰᠠᠨᠠᠭᠠᠴᠢᠯᠠᠭ᠎ᠠ ᠨᠢ ᠡᠷᠳᠠᠨ ᠤ ᠲᠤᠷᠭᠠᠨ ᠵᠠᠮ ᠤᠨ ᠭᠡᠷᠡᠯ ᠰᠠᠴᠤᠷᠠᠩᠭᠤᠢ | ᠲᠡᠤᠭᠡ ᠶᠢ ᠲᠠᠬᠢᠨ ᠢᠯᠡᠷᠡᠭᠦᠯᠵᠤ᠂ ᠰᠢᠨ᠎ᠠ ᠴᠠᠭ ᠦᠶ᠎ᠠ ᠳᠤ ᠲᠡᠯᠡᠭᠡᠢ ᠶᠢᠨ ᠪᠤᠯᠪᠠᠰᠤᠨ ᠤ ᠰᠤᠯᠢᠯᠴᠠᠭ᠎ᠠ ᠶᠢ | ᠠᠬᠢᠭᠤᠯᠪᠠ᠃ ᠴᠢᠯᠢ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠤᠭᠡᠨ ᠪᠠᠶᠢᠭᠤᠯᠬᠤ ᠶᠢ ᠲᠡᠮᠵᠢᠵᠤ᠂ ᠭᠠᠵᠠᠷ | ᠤᠷᠤᠨ ᠤ ᠬᠤᠯᠪᠤᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠴᠢᠯᠢ ᠶᠢᠨ ᠲᠠᠯ᠎ᠠ ᠶᠢᠨ ᠬᠢᠨ᠂ ᠲᠤᠮᠳᠠᠳᠤ ᠤᠯᠤᠰ ᠤᠨ | ᠰᠢᠨ᠎ᠡ ᠶᠢ ᠡᠭᠦᠳᠬᠦ ᠬᠦᠭᠵᠢᠯᠳᠡ᠂ ᠪᠤᠬᠢᠷᠳᠤᠯ ᠦᠭᠡᠢ ᠭᠦᠭᠵᠢᠯᠳᠠ ᠶᠢᠨ ᠠᠮᠵᠢᠯᠳᠠ ᠤᠯᠤᠭᠰᠠᠨ ᠲᠤᠷᠰᠢᠯᠭ᠎ᠠ ᠪᠠᠷ | ᠲᠤᠯᠢ ᠪᠤᠯᠭᠠᠵᠤ᠂ ᠬᠠᠮᠢᠶ᠎ᠠ ᠪᠦᠭᠦᠢ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠤᠨ ᠦᠷᠭᠡᠳᠭᠡᠭᠦ ᠶᠢ ᠭᠦᠰᠡᠵᠤ ᠪᠠᠶᠢᠨ᠎ᠠ᠃ | ᠴᠢᠯᠢ ᠤᠯᠠᠨ ᠲᠠᠯᠠᠳᠤ ᠦᠵᠡᠯ ᠪᠤᠯᠤᠨ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠬᠠᠮᠠᠭᠠᠯᠠᠬᠤ ᠪᠠᠷ ᠬᠦᠴᠦᠯᠠᠨ | ᠴᠢᠷᠮᠠᠶᠢᠵᠤ᠂ ᠲᠤᠮᠳᠠᠳᠤ ᠤᠯᠤᠰ ᠯᠤᠭ᠎ᠠ ᠶᠢᠨ ᠤᠷᠤᠨ ᠪᠦᠰᠡ ᠪᠤᠯᠤᠨ ᠤᠯᠠᠨ ᠲᠠᠯᠠᠲᠤ ᠶᠠᠪᠤᠳᠠᠯ ᠤᠨ ᠲᠤᠬᠠᠢ | ᠵᠤᠬᠢᠴᠠᠭᠤᠯᠭ᠎ᠠ ᠬᠠᠮᠳᠤᠷᠠᠯᠴᠠᠭ᠎ᠠ ᠪᠠᠨ ᠨᠢᠭᠳᠠᠷᠠᠭᠤᠯᠵᠤ᠂ ᠯᠠᠲ᠋ᠢᠨ ᠠᠮᠧᠷᠢᠺᠠ ᠲᠤᠮᠳᠠᠳᠤ ᠶᠢᠨ ᠬᠠᠷᠢᠯᠴᠠᠭ᠎ᠠ ᠶᠢᠨ | ᠲᠤᠮᠳᠠ ᠵᠢᠱᠢᠶ᠎ᠠ ᠦᠵᠡᠬᠦᠯᠬᠦ ᠦᠢᠯᠡᠳᠤᠯ ᠢᠶᠠᠨ ᠦᠷᠭᠦᠯᠵᠢᠯᠡᠨ ᠪᠠᠳᠠᠷᠠᠭᠤᠯᠤᠨ᠎ᠠ᠂ ᠴᠢᠯᠢ ᠶᠢᠨ ᠲᠠᠯ᠎ᠠ ᠶᠢᠨ ᠬᠢᠨ | ᠬᠤᠶᠠᠷ ᠤᠯᠤᠰ ᠤᠨ ᠬᠠᠷᠢᠯᠴᠠᠭ᠎ᠠ ᠶᠢᠨ ᠢᠷᠡᠭᠡᠳᠤᠢ ᠳᠤ ᠢᠳᠡᠭᠡᠯ ᠡᠷᠡᠮᠡᠯᠵᠡᠯ ᠲᠦᠭᠦᠷᠡᠩ ᠪᠠᠶᠢᠨ᠎ᠠ ᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠪᠠᠰᠠ ᠬᠤᠶᠠᠷ ᠲᠠᠯ᠎ᠠ ᠶᠢᠨ | ᠬᠠᠮᠳᠤᠷᠠᠯᠴᠠᠭᠠᠨ ᠤ ᠬᠠᠮᠢᠶ᠎ᠠ ᠪᠦᠭᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠳᠤ ᠪᠠᠷ | ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠤᠨ᠎ᠠ᠂ ᠰᠢ ᠶᠢᠨ ᠫᠢᠡᠭ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠤ | ᠶᠡᠭᠡ ᠲᠢᠩᠬᠢᠮ ᠳᠤ ᠫᠢᠨᠢᠶᠧᠯᠠ ᠶᠢ ᠤᠭᠳᠤᠬᠤ ᠶᠤᠰᠤᠯᠠᠯ ᠶᠠᠪᠤᠭᠤᠯᠪᠠ᠃ ᠫᠸᠡᠭ ᠯᠢ ᠶᠤᠸᠠᠨ᠂ ᠳ᠋ᠢᠩ ᠰᠢᠤᠸᠠᠢ | ᠰᠢᠶᠠᠩ᠂ ᠶᠠᠩ ᠵᠢᠶᠧ ᠤᠤᠢ᠂ ᠪᠠᠳᠮᠠᠫᠧᠷᠡᠩᠯᠠᠢ᠂ ᠸᠠᠩ ᠢ᠂ ᠯᠢᠤ ᠴᠢ ᠪᠤᠤ᠂ ᠾᠧ ᠯᠢ ᠹᠸᠡᠭ ᠨᠠᠷ ᠤᠷᠤᠯᠴᠠᠪᠠ᠃ | | | |