4 ᠰᠠᠷ᠎ᠠ ᠶᠢᠨ 17 ᠤ ᠡᠳᠦᠷ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠨᠢ | ᠠᠩᠬᠠᠳᠤᠭᠠᠷ ᠤᠳᠠᠭᠠᠨ ᠤ ︽ᠵᠠᠬᠢᠷᠤᠯ ᠬᠤᠨᠳᠠᠭᠠᠳᠤ︾ ᠬᠦᠯ ᠪᠦᠮᠪᠦᠭᠡ ᠶᠢᠨ ᠤᠷᠤᠯᠳᠤᠭᠠᠨ ᠢᠶᠠᠨ ᠠᠮᠵᠢᠯᠳᠠ ᠲᠠᠢ | ᠶᠠᠪᠤᠭᠳᠠᠭᠤᠯᠤᠯ᠎ᠠ᠃ | | | ᠲᠤᠰ ᠤᠳᠠᠭᠠᠨ ᠤ ᠤᠷᠤᠯᠳᠤᠭᠠᠨ ᠳᠤ ᠨᠡᠶᠢᠳᠡ 70 ᠬᠡᠤᠬᠡᠳ ᠤᠷᠤᠯᠴᠠᠪᠠ᠃ ᠤᠷᠤᠯᠳᠤᠭᠠᠨ ᠳᠤ ᠬᠡᠤᠬᠡᠳ ᠤᠳ | ᠲᠦᠢᠯ ᠤᠨ ᠢᠳᠡᠪᠭᠢᠲᠠᠢ ᠮᠦᠷᠳᠡᠭᠡᠨ ᠪᠠᠶᠠᠷ ᠬᠦᠷ ᠲᠠᠢ ᠤᠷᠤᠯᠴᠠᠭᠰᠠᠨ ᠪᠠᠶᠢᠨ᠎ᠠ᠃ ᠬᠡᠳᠦ᠋ᠢᠪᠡᠷ ᠮᠠᠨ ᠤ ᠴᠡᠴᠡᠷᠯᠢᠭ ᠤᠨ | ᠤᠨᠴᠠᠯᠢᠭᠳᠤ ᠵᠢᠭᠠᠨ ᠰᠤᠷᠭᠠᠯᠳᠠ ᠶᠢᠨ ︽ᠪᠢᠴᠢᠬᠠᠨ ᠬᠦᠯ ᠪᠦᠮᠪᠦᠭᠡᠴᠢᠨ︾ ᠤ ᠲᠤᠭᠤᠶᠢᠯᠡᠩ ᠢ ᠵᠤᠭᠢᠶᠠᠨ ᠪᠠᠶᠢᠭᠤᠯᠤᠭᠰᠠᠨ | ᠴᠠᠭ ᠬᠤᠭᠤᠴᠠᠭ᠎ᠠ ᠨᠢ ᠤᠬᠤᠷᠬᠠᠨ ᠪᠤᠯᠪᠠᠴᠤ᠂ ᠶᠡᠷᠤ ᠶᠢᠨ ᠴᠠᠭ ᠲᠤ ᠬᠡᠤᠬᠡᠳ ᠦᠪᠡᠷ ᠢᠶᠠᠨ ᠰᠠᠶᠢᠨ ᠲᠤᠷ᠎ᠠ ᠠᠴᠠ ᠪᠠᠨ | ᠪᠤᠯᠪᠠᠰᠤᠷᠠᠯ ᠳᠤ ᠢᠳᠡᠪᠬᠢᠲᠠᠢ ᠤᠷᠤᠯᠴᠠᠵᠤ ᠲᠤᠰ ᠤᠳᠠᠭᠠᠨ ᠤ ᠤᠷᠤᠯᠳᠤᠭᠠᠨ ᠳᠤ ᠦᠨᠳᠦᠷ ᠠᠮᠵᠢᠯᠳᠠ ᠤᠯᠪᠠ᠃ | | | ᠲᠤᠰ ᠤᠳᠠᠭᠠᠨ ᠤ ᠣᠷᠣᠯᠳᠣᠭᠠᠨ ᠳᠤ ᠬᠡᠤᠬᠡᠳ ᠤᠳ ᠤᠨ ᠪᠡᠶ᠎ᠡ ᠮᠠᠬᠠᠪᠤᠳ ᠢ ᠪᠤᠯᠪᠠᠰᠤᠷᠠᠭᠤᠯᠤᠭᠰᠠᠨ ᠮᠦᠷᠳᠡᠭᠡᠨ | ᠬᠡᠤᠬᠡᠳ ᠤᠳ ᠦᠪᠡᠷ ᠦᠪᠡᠷ ᠤᠨ ᠤᠨᠴᠠᠯᠢᠭ ᠪᠠᠨ ᠪᠠᠳᠠᠷᠠᠭᠤᠯᠵᠤ ᠪᠠᠶᠠᠷ ᠬᠦᠷ ᠲᠠᠢ ᠦᠩᠬᠡᠷᠡᠭᠦᠯᠥᠭᠰᠡᠨ ᠪᠠᠶᠢᠨ᠎ᠠ᠃ ᠮᠥᠨ | ᠴᠣ᠋ ᠬᠡᠤᠬᠡᠳ ᠤᠳ ᠤᠨ ᠪᠦᠮᠪᠦᠭᠡ ᠢᠰᠭᠦᠯᠬᠦ ᠲᠠᠯ᠎ᠠ ᠶᠢᠨ ᠴᠢᠳᠠᠪᠦᠷᠢ ᠶᠢ ᠲᠡᠭᠡᠭᠰᠢᠯᠡᠬᠦᠯᠵᠣ᠂ ᠬᠡᠤᠬᠡᠳ ᠤᠨ ᠬᠦᠳᠡᠯᠭᠡᠭᠡᠨ ᠳᠤ | ᠬᠠᠯᠠᠰᠢᠷᠠᠯ ᠦᠭᠡᠢ᠂ ᠠᠩᠬᠠᠷᠤᠯ ᠪᠠᠨ ᠲᠦᠪᠯᠡᠷᠡᠭᠦᠯᠬᠦ ᠵᠡᠷᠭᠡ ᠲᠠᠯ᠎ᠠ ᠶᠢ ᠨᠢ ᠬᠦᠭᠵᠢᠬᠦᠯᠬᠦ ᠶᠢᠨ ᠲᠠᠭᠠᠤ ᠮᠠᠨ ᠤ | ᠴᠡᠴᠡᠷᠯᠢᠭ ᠨᠢ ᠤᠨᠴᠠᠯᠢᠭᠳᠤ ᠵᠢᠭᠠᠨ ᠰᠤᠷᠭᠠᠯᠳᠠ ᠶᠢᠨ ︽ᠰᠤᠨᠢᠷᠬᠠᠯᠲᠠᠢ ᠬᠦᠯ ᠪᠦᠮᠪᠦᠭᠡ ᠶᠢᠨ ᠵᠢᠭᠠᠨ ᠰᠤᠷᠭᠠᠯᠳᠠ ᠤᠨ | ᠦᠢᠯᠡᠳᠦᠯᠭᠡ ᠶᠢ ᠰᠤᠳᠤᠯᠬᠤ︾ ᠲᠤᠰᠬᠠᠢ ᠰᠡᠳᠦᠪᠳᠤ ᠠᠵᠢᠯᠯᠠᠭ᠎ᠠ ᠪᠠᠨ ᠨᠡᠩ ᠬᠦᠭᠵᠢᠭᠦᠯᠵᠤ ᠴᠢᠳᠠᠭᠰᠠᠨ ᠪᠠᠶᠢᠨ᠎ᠠ᠃ | ᠮᠠᠨ ᠤ ᠬᠡᠤᠬᠡᠳ ᠤᠳ ᠬᠦᠯ ᠪᠦᠮᠪᠦᠭᠡ ᠢᠰᠬᠦᠯᠬᠦ ᠶᠢᠨ ᠲᠤᠮᠳᠠ ᠡᠷᠡᠭᠦᠯ ᠴᠢᠬᠢᠷᠠᠭ ᠪᠠᠶᠠᠷ ᠪᠠᠶᠠᠰᠬᠤᠯᠠᠩ ᠲᠠᠢ᠂ ᠬᠦᠷ | ᠬᠦᠭᠵᠢᠶᠡᠨ ᠲᠠᠢ ᠦᠰᠦᠨ ᠪᠤᠶᠢᠵᠢᠬᠤ ᠨᠢ ᠯᠠᠪᠲᠠᠢ ᠶᠤᠮ᠃ |