ᠭᠠᠯᠠᠭᠤᠲᠤ ᠪᠠᠯᠭᠠᠰᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠠᠵᠢᠯᠯᠠᠭ᠎ᠠ ᠶᠢ ᠰᠠᠶᠢᠳᠣᠷ ᠦᠷᠨᠢᠬᠦᠯᠵᠣ ᠪᠠᠶᠢᠨ᠎ᠠ
ᠨᠡᠶᠢᠲᠡᠯᠡᠭᠰᠡᠨ ᠴᠠᠭ᠄
2019-04-30
     ᠭᠠᠯᠠᠭᠤᠲᠤ ᠪᠠᠯᠭᠠᠰᠤ ᠰᠤᠶᠤᠯ ᠪᠣᠯᠪᠠᠰᠣᠨ ᠢᠶᠠᠷ ᠠᠷᠠᠳ ᠳᠦᠮᠡᠨ ᠳᠤ ᠠᠰᠢᠭ ᠬᠦᠷᠳᠡᠭᠡᠬᠦ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠳᠡᠭᠡ ᠢ ᠪᠠᠶᠢᠭᠤᠯᠵᠣ ᠶᠡᠷᠦᠩᠬᠡᠶᠢᠯᠡᠭᠰᠡᠨ ᠴᠢᠨᠠᠷᠳᠡᠢ ᠰᠣᠶᠣᠯ ᠪᠣᠯᠪᠠᠰᠣᠨ ᠤ ᠳᠠᠪᠴᠠᠩ ᠤᠨ ᠳᠠᠶᠢᠴᠢᠯᠠᠯᠳᠠ ᠪᠠᠷ ᠪᠦᠬᠦ ᠪᠠᠯᠭᠠᠰᠣᠨ ᠤ ᠭᠠᠴᠠᠭ᠎ᠠ ᠳᠣᠰᠬᠤᠨ᠂ ᠨᠠᠶᠢᠬᠡᠮ ᠳᠣᠭᠤᠷᠢᠭ  ᠲᠤ ᠡᠯ᠎ᠡ ᠵᠣᠶᠢᠯ ᠤᠨ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠵᠣ ᠪᠣᠯᠪᠠᠰᠣᠨ ᠰᠣᠷᠳᠠᠯ ᠢ ᠣᠶᠢᠯᠡᠳᠣᠯᠭᠡᠵᠢᠬᠦᠯᠵᠣ ᠪᠠᠶᠢᠨ᠎ᠠ᠃      ᠭᠠᠯᠠᠭᠤᠳᠣ ᠪᠠᠯᠭᠠᠰᠣᠨ ᠤ ᠲᠤᠭᠤᠶᠢᠯᠠᠩ ᠨᠡᠶᠢᠬᠡᠮ ᠲᠤᠭᠤᠷᠢᠭ ᠨᠢ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠳᠣᠷᠠᠴᠣᠣᠯ ᠤᠨ ᠣᠶᠢᠯᠡᠴᠢᠯᠡᠭᠡᠨ ᠤ ᠪᠦᠯᠬᠦᠮ ᠢ ᠪᠠᠶᠢᠭᠤᠯᠣᠨ ᠡᠯ᠎ᠡ ᠬᠤᠭᠤᠯᠠ ᠤᠮᠳᠠᠭᠠᠨ ᠤ ᠠᠵᠣ ᠠᠬᠤᠶᠢᠯᠡᠯ ᠲᠠᠢ ᠬᠠᠮᠳᠣᠷᠠᠯᠴᠠᠵᠦ ᠰᠠᠷ᠎ᠠ ᠪᠦᠷᠢ ᠲᠠᠪᠤᠨ ᠶᠠᠳᠠᠭᠤ ᠬᠦᠴᠢᠷᠳᠡᠯᠳᠡᠢ ᠡᠷᠦᠬᠡ ᠳᠤ ᠬᠤᠭᠤᠯᠡ ᠣᠮᠳᠠᠭᠠᠨ ᠬᠠᠩᠭᠠᠬᠤ᠂ ᠤᠷᠴᠢᠨ ᠲᠤᠭᠤᠷᠢᠨ ᠤ ᠴᠡᠪᠡᠷᠯᠡᠭᠴᠢᠳ ᠲᠤ ᠬᠤᠭᠤᠯᠠ ᠣᠮᠳᠠ ᠬᠠᠩᠭᠠᠬᠤ ᠵᠡᠷᠭᠡ ᠦᠨ᠎ᠡ ᠲᠦᠯᠦᠪᠦᠷᠢ ᠦᠭᠡᠢ ᠣᠶᠢᠯᠡᠴᠢᠯᠡᠭᠡ ᠬᠠᠨᠭ᠍ᠭᠠᠵᠣ ᠪᠠᠶᠢᠨ᠎ᠠ᠃ ᠣᠶᠢᠷ᠎ᠠ ᠶᠢᠨ ᠡᠳᠣᠷ᠂ ᠲᠤᠭᠤᠶᠢᠯᠠᠩ ᠨᠡᠶᠢᠬᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠳᠣᠷᠠᠴᠣᠣᠯ ᠤᠨ ᠣᠶᠢᠯᠡᠴᠢᠯᠡᠭᠡᠨ ᠤ ᠪᠦᠯᠬᠦᠮ ᠨᠢ 80 ᠨᠠᠰᠤᠨ ᠤ ᠦᠨᠳᠦᠷ ᠬᠤᠲᠤᠭ ᠲᠠᠢ ᠠᠬᠠᠮᠠᠳ ᠨᠠᠮ ᠤᠨ ᠭᠡᠰᠢᠭᠦᠨ ᠽᠠᠨᠳᠠᠨᠮᠢᠳᠤᠭ ᠨᠠᠰᠤᠲᠠᠨ ᠤ ᠳᠤ ᠭᠦᠷᠴᠦ ᠲᠡᠭᠦᠨ  ᠤ ᠪᠡᠶ᠎ᠡ ᠶᠢᠨ ᠪᠠᠶᠢᠳᠠᠯ ᠢ ᠤᠶᠢᠯᠠᠭᠠᠬᠤ ᠶᠢᠨ ᠬᠠᠮᠲᠤ ᠭᠡᠷ ᠤᠷᠤᠨ ᠢ ᠨᠢ ᠴᠡᠪᠡᠷᠯᠡᠨ᠂ ᠨᠠᠰᠤᠲᠠᠨ ᠢ ᠬᠠᠯᠠᠮᠵᠢᠯᠡᠨ ᠪᠠᠶᠠᠷᠯᠠᠭᠤᠯᠣᠯ᠎ᠠ᠃      ᠽᠠᠨᠳᠠᠨᠮᠢᠳᠤᠭ ᠨᠠᠰᠤᠲᠠᠨ᠄ ︽ᠲᠤᠭᠤᠶᠢᠯᠠᠩ ᠨᠡᠶᠢᠭᠡᠮ ᠲᠤᠭᠤᠷᠢᠭ ᠨᠠᠮ᠎ᠠ ᠶᠢ ᠤᠯᠠᠨ ᠲᠠᠯ᠎ᠠ ᠪᠠᠷ ᠬᠠᠷᠠᠭᠠᠯᠵᠠᠵᠠᠢ᠃ ᠨᠢᠳᠤᠨᠤᠨ ᠪᠢ ᠭᠡᠷ ᠲᠤ ᠪᠠᠶᠢᠬᠤ ᠦᠭᠡᠢ ᠬᠤᠭᠤᠷᠤᠨᠳᠤ ᠰᠠᠶᠢᠨ ᠲᠤᠷ᠎ᠠ ᠶᠢᠨ ᠦᠢᠯᠡᠴᠢᠯᠡᠭᠴᠢ ᠨᠠᠷ ᠢᠷᠡᠭᠡᠳ ᠰᠢᠯ ᠵᠦᠯᠭᠦᠭᠡᠳ ᠦᠭᠭᠦᠭᠰᠡᠨ ᠪᠠᠶᠢᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ  ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠠ ᠮᠠᠨ ᠤ ᠣᠷᠴᠢᠨ ᠲᠤᠭᠤᠷᠢᠨ ᠬᠤᠪᠢᠷᠠᠵᠦ ᠮᠠᠨ ᠤ ᠨᠡᠶᠢᠬᠡᠮ ᠲᠤᠭᠤᠷᠢᠭ ᠪᠠᠷ ᠠᠪᠴᠤ ᠬᠡᠯᠡᠪᠡᠯ ᠬᠡᠷᠡᠭᠦᠯ ᠵᠢᠭᠤᠷᠭᠠᠨ ᠬᠡᠵᠦ ᠦᠭᠡᠢ᠂ ᠨᠢᠭᠡ ᠨᠢᠭᠡ ᠶᠢ ᠪᠠᠨ ᠬᠠᠷᠠᠵᠤ ᠬᠠᠷᠠᠭᠠᠯᠵᠠᠵᠤ ᠦᠨᠡᠨ ᠰᠠᠶᠢᠬᠠᠨ ᠪᠤᠯᠵᠤ  ᠪᠠᠶᠢᠨ᠎ᠠ︾ ᠬᠡᠪᠡ᠃      ᠭᠠᠯᠠᠭᠤᠲᠤ ᠪᠠᠯᠭᠠᠰᠤ ᠨᠢ ᠣᠷᠢᠳ ᠬᠤᠵᠢᠳ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠤᠨ ᠰᠠᠶᠢᠨ ᠲᠤᠷ᠎ᠠ ᠶᠢᠨ ᠦᠢᠯᠡᠴᠢᠯᠡᠬᠦ ᠠᠩᠬᠢ ᠵᠡᠷᠭᠡ 22 ᠠᠩᠬᠢ ᠶᠢ ᠪᠠᠶᠢᠭᠤᠯᠵᠣ ᠭᠤᠤᠨᠢ ᠨᠠᠰᠤᠲᠠᠨ᠂ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠡᠮᠴᠢᠯᠡᠭᠡ ᠬᠢᠬᠦ ᠵᠡᠷᠭᠡ ᠰᠤᠶᠤᠯ ᠪᠣᠯᠪᠠᠰᠣᠨ ᠢᠶᠠᠷ ᠠᠷᠠᠳ ᠲᠤ ᠠᠰᠢᠭ ᠭᠦᠷᠲᠡᠭᠡᠵᠦ ᠪᠠᠶᠢᠨ᠎ᠠ᠃      ᠭᠠᠯᠠᠭᠤᠲᠤ ᠪᠠᠯᠭᠠᠰᠤᠨ ᠤ ᠰᠠᠰᠠ ᠶᠢᠨ ᠴᠠᠶᠢᠳᠠᠮ ᠲᠤᠰᠬᠤᠨ ᠤ ᠳᠠᠷᠢᠶᠠᠴᠢᠨ ᠮᠠ ᠶᠤᠸᠠᠢ ᠪᠢᠨ ᠤ ᠡᠷᠬᠢᠯᠡᠭᠰᠠᠨ ᠲᠠᠷᠢᠶᠠᠴᠢᠨ ᠠᠶᠢᠯ ᠤᠨ ᠵᠣᠴᠢᠯᠠᠭ᠎ᠠ ᠶᠢᠨ ᠭᠠᠵᠠᠷ ᠨᠢ ᠡᠨᠡ ᠵᠢᠯ ᠡᠵᠡᠩᠨᠡᠯᠲᠡ ᠶᠢᠨ ᠬᠡᠯᠪᠡᠷᠢ ᠪᠠᠨ ᠦᠬᠡᠷᠡᠴᠢᠯᠡᠨ ᠳᠡᠮᠡᠭᠡᠳᠣ ᠬᠤᠳᠠ ᠶᠢᠨ ᠠᠯᠳᠠᠷᠳᠣ ᠦᠯᠢᠬᠡᠷᠴᠢᠨ ᠢ ᠣᠷᠢᠵᠣ ᠪᠤᠯᠪᠠᠰᠤᠨ ᠰᠤᠷᠲᠠᠯ ᠢ ᠣᠬᠠᠭᠤᠯᠣᠭᠰᠠᠨ ᠦᠯᠢᠬᠡᠷ ᠬᠡᠯᠡᠬᠦ ᠪᠠᠷ ᠣᠯᠠᠨ ᠳᠦᠮᠡᠨ ᠤ ᠰᠣᠨᠢᠷᠬᠠᠯ ᠢ ᠳᠠᠳᠠᠵᠣ ᠪᠠᠶᠢᠯ᠎ᠠ᠃ ᠭᠠᠯᠠᠭᠤᠳᠣ ᠪᠠᠯᠭᠠᠰᠣ ᠨᠢ ᠡᠶᠢᠮᠦᠷᠭᠦᠦ ᠣᠯᠠᠨ ᠶᠠᠩᠵᠣ ᠶᠢᠨ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠬᠦ ᠶᠢᠨ ᠬᠠᠮᠳᠣ ᠪᠣᠯᠪᠠᠰᠣᠨ ᠭᠠᠴᠠᠭ᠎ᠠ ᠳᠣᠰᠬᠤᠨ᠂ ᠪᠣᠯᠪᠠᠰᠣᠨ‌ᠠᠶᠢᠯ ᠡᠷᠣᠭᠡ᠂ ᠶᠣᠰᠣ ᠰᠣᠷᠳᠠᠬᠤᠨ ᠤ ᠵᠢᠱᠢᠶᠠᠴᠢ ᠵᠡᠷᠭᠡ ᠶᠢ ᠰᠢᠯᠭᠠᠷᠠᠭᠤᠯᠣᠨ ᠦᠨᠳᠣᠰᠣᠨ ᠱᠠᠳᠣᠨ ᠤ ᠰᠣᠶᠣᠯ ᠪᠣᠯᠪᠠᠰᠣᠨ ᠤ ᠭᠡᠪ ᠴᠢᠨᠡᠷ ᠢ ᠳᠡᠭᠡᠭᠰᠢᠯᠡᠬᠦᠯᠵᠣ ᠦᠵᠡᠯ ᠰᠠᠨᠠᠭ᠎ᠠ ᠣᠯᠣᠰ ᠳᠦᠷᠣ ᠶᠢᠨ ᠰᠠᠭᠤᠷᠢ  ᠶᠢ ᠪᠠᠳᠣᠳᠬᠠᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号