ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠠᠨ ᠤᠳᠬ᠎ᠠ ᠲᠡᠭᠦᠯᠳᠡᠷ᠂ ᠪᠠᠶᠠᠷ ᠪᠠᠶᠠᠰᠤᠯ ᠲᠠᠢ | ᠤᠭᠲᠤᠬᠤ ᠶᠢᠨ ᠲᠦᠯᠦᠭᠡ ᠣᠶᠢᠷ᠎ᠠ ᠶᠢᠨ ᠡᠳᠦᠷ᠂ ᠲᠤᠭ ᠪᠠᠯᠭᠠᠰᠤᠨ ᠤ ᠲᠤᠭᠤᠯᠲᠠᠢ ᠭᠠᠴᠠᠭᠠᠨ ᠤ ᠮᠠᠯᠴᠢᠨ ᠭᠡᠷᠡᠯ᠂ | ᠠᠯᠲᠠᠨᠲᠤᠪᠴᠢ᠂ ᠤᠶᠤᠨᠴᠢᠮᠡᠭ ᠭᠤᠷᠪᠠᠭᠤᠯᠠ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠪᠤᠶᠠᠨᠰᠠᠭ | ᠠᠵᠢᠯᠯᠠᠭ᠎ᠠ ᠦᠷᠨᠢᠭᠦᠯᠵᠦ ᠬᠤᠪᠢ ᠶᠢᠨ ᠮᠦᠩᠭᠦ ᠪᠠᠷ ᠣᠶᠤᠭᠤᠯᠤᠭᠰᠠᠨ ᠮᠣᠩᠭᠤᠯ ᠬᠤᠪᠴᠠᠰᠤ ᠪᠠᠨ ᠭᠠᠴᠠᠭᠠᠨ ᠤ | ᠪᠠᠨ ᠨᠠᠰᠤᠲᠠᠶᠢᠴᠤᠳ ᠲᠤ ᠬᠤᠪᠢᠶᠠᠵᠤ ᠨᠠᠰᠤᠲᠠᠨ ᠪᠤᠭᠤᠷᠤᠯᠴᠤᠳ ᠢᠶᠠᠨ ᠪᠠᠶᠠᠰᠬᠠᠯ᠎ᠠ᠃ | ᠮᠠᠯᠴᠢᠨ ᠭᠡᠷᠡᠯ᠄ ︽ᠨᠠᠰᠤᠲᠠᠶᠢᠴᠤᠳ ᠲᠡᠷᠡ ᠦᠶᠡᠰ ᠤᠯᠣᠰ ᠣᠷᠣᠨ ᠤ ᠪᠠᠨ ᠪᠦᠲᠦᠭᠡᠨ ᠪᠠᠶᠢᠭᠤᠯᠤᠯᠲᠠ | ᠳᠤ ᠶᠡᠭᠡ ᠬᠤᠪᠢ ᠨᠡᠮᠡᠷᠢ ᠦᠵᠡᠭᠦᠯᠦᠭᠰᠡᠨ᠂ ᠦᠵᠡᠯ ᠤᠬᠠᠮᠰᠠᠷ ᠦᠨᠳᠦᠷ ᠪᠠᠶᠢᠭ᠎ᠠ᠂ ᠳᠡᠳᠡᠨ ᠠᠴᠠ ᠲᠠᠭᠠᠨ | ᠰᠤᠷᠤᠯᠴᠠᠵᠤ ᠪᠢᠳᠠ ᠪᠠᠰᠠ ᠨᠡᠶᠢᠬᠡᠮ ᠨᠡᠶᠢᠲᠡ᠂ ᠵᠠᠯᠠᠭᠤᠴᠤᠳ ᠲᠤ ᠪᠣᠯᠪᠠᠰᠤᠨ ᠰᠠᠶᠢᠬᠠᠨ ᠨᠡᠶᠢᠬᠡᠮ ᠤᠨ ᠣᠷᠴᠢᠨ | ᠲᠣᠭᠤᠷᠢᠨ ᠢ ᠪᠦᠲᠦᠭᠡᠨ ᠪᠠᠶᠢᠭᠤᠯᠵᠤ ᠡᠶ᠎ᠡ ᠵᠣᠬᠢᠴᠡᠯ ᠲᠠᠢ ᠨᠡᠶᠢᠬᠡᠮ ᠢ ᠪᠠᠶᠢᠭᠤᠯᠬᠤ ᠶᠢᠨ ᠲᠦᠯᠦᠭᠡ ᠡᠶᠢᠮᠦ ᠨᠢᠭᠡ | ᠦᠢᠯᠡ ᠠᠵᠢᠯᠯᠠᠭ᠎ᠠ ᠶᠢ ᠦᠷᠨᠢᠭᠦᠯᠦᠭᠰᠡᠨ ᠶᠤᠮ︾ ᠬᠡᠵᠦ ᠶᠠᠷᠢᠵᠦ ᠪᠠᠶᠢᠯ᠎ᠠ᠃ | ᠡᠨᠡ ᠤᠳᠠᠭ᠎ᠠ ᠭᠡᠷᠡᠯ᠂ ᠠᠯᠲᠠᠨᠲᠤᠪᠴᠢ᠂ ᠤᠶᠤᠨᠴᠢᠮᠡᠭ ᠭᠤᠷᠪᠠᠭᠤᠯᠠ ᠨᠤᠲᠤᠭ ᠤᠨ ᠢᠶᠠᠨ ᠠᠷᠪᠠᠨ ᠳᠦᠷᠪᠡᠨ | ᠡᠬᠡ ᠤᠯᠤᠰ ᠲᠠᠢ ᠪᠠᠨ ᠨᠠᠰᠤ ᠰᠠᠴᠠᠭᠤ ᠳᠠᠯ᠎ᠠ ᠭᠠᠷᠤᠭᠰᠠᠨ ᠨᠠᠰᠤᠲᠠᠨ ᠢ ᠰᠢᠨ᠎ᠡ ᠲᠡᠷᠯᠢᠭ ᠢᠶᠠᠷ ᠭᠤᠶᠣᠯᠠᠭᠰᠠᠨ ᠢᠶᠠᠷ | ᠪᠠᠷᠠᠬᠤ ᠦᠬᠡᠢ ᠪᠠᠰᠠ ᠲᠤᠰᠬᠠᠢ ᠮᠠᠰᠢᠨ ᠢᠶᠠᠷ ᠦᠪᠦᠷ ᠮᠣᠩᠭᠤᠯ ᠤᠨ ᠪᠤᠳ᠋ᠳ᠋ᠾᠠ ᠶᠢᠨ ᠱᠠᠰᠢᠨ ᠤ ᠰᠣᠶᠣᠯ ᠤᠨ | ᠮᠦᠽᠧᠢ᠂ ᠣᠷᠳᠣᠰ ᠬᠤᠲᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠣᠷᠳᠣᠰ ᠬᠤᠳᠠ ᠶᠢᠨ ᠳᠠᠯᠠᠢ ᠶᠢᠨ | ᠠᠮᠢᠲᠠᠨ ᠤ ᠬᠦᠷᠢᠶᠡᠯᠡᠩ ᠢᠶᠠᠷ ᠲᠣᠭᠤᠷᠢᠭᠤᠯᠤᠨ ᠡᠬᠡ ᠤᠯᠤᠰ ᠤᠨ ᠬᠦᠭᠵᠢᠯᠲᠡ ᠬᠤᠪᠢᠷᠠᠯᠲᠠ ᠶᠢ ᠦᠵᠡᠬᠦᠯᠦᠨ | ᠰᠠᠨᠠᠭ᠎ᠠ ᠰᠡᠳᠬᠢᠯ ᠢ ᠨᠢ ᠪᠠᠶᠠᠰᠬᠠᠨ ᠨᠠᠰᠤᠲᠠᠨ ᠪᠣᠭᠤᠷᠤᠯᠴᠤᠳ ᠢᠶᠠᠨ ᠬᠦᠨᠳᠦᠯᠡᠬᠦ ᠦᠨᠳᠦᠰᠦᠲᠡᠨ ᠤ ᠤᠯᠠᠮᠵᠢᠯᠠᠯᠲᠤ | ᠰᠠᠶᠢᠬᠠᠨ ᠵᠠᠩ ᠳᠠᠳᠬᠠᠯ ᠢ ᠨᠡᠶᠢᠬᠡᠮ ᠨᠡᠶᠢᠲᠡ ᠳᠤ ᠤᠯᠠᠮᠵᠢᠯᠠᠭᠰᠠᠨ ᠪᠠᠶᠢᠨ᠎ᠠ᠃ |