ᠬᠤᠰᠢᠭᠤ ᠵᠠᠬ᠎ᠠ ᠲᠡᠯᠭᠡᠭᠦᠷ ᠤᠨ ᠭᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠳᠦᠭᠦᠭᠡᠢ ᠮᠢᠬᠠᠨ ᠤ ᠵᠠᠬ᠎ᠠ ᠲᠡᠯᠭᠡᠭᠦᠷ ᠲᠤ ᠪᠦᠭᠦ ᠲᠠᠯ᠎ᠠ ᠶᠢᠨ ᠪᠠᠶᠢᠴᠠᠭᠠᠯᠳᠠ ᠭᠢᠵᠦ ᠮᠢᠬᠠᠨ ᠤ ᠠᠮᠤᠷ ᠳᠦᠪᠰᠢᠨ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2019-04-30
     ᠤᠶᠢᠷ᠎ᠠ ᠶᠢᠨ ᠡᠳᠦᠷ᠂ ᠬᠤᠰᠢᠭᠤ ᠵᠠᠬ᠎ᠠ ᠲᠡᠯᠭᠡᠭᠦᠷ ᠤᠨ ᠭᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠲᠦᠭᠦᠭᠡᠢ ᠮᠢᠬᠠᠨ ᠤ ᠡᠵᠡᠩᠨᠡᠯᠳᠡ ᠶᠢᠨ ᠵᠠᠬ᠎ᠠ ᠲᠡᠯᠭᠡᠭᠦᠷ ᠲᠤ ᠪᠦᠭᠦ ᠲᠠᠯ᠎ᠠ ᠶᠢᠨ ᠬᠢᠨᠠᠨ ᠪᠠᠶᠢᠴᠠᠭᠠᠯᠳᠠ ᠬᠢᠪᠡ᠃      ᠬᠢᠨᠠᠨ ᠪᠠᠶᠢᠴᠠᠭᠠᠯᠲᠠ ᠳᠤ ᠲᠦᠭᠦᠭᠡᠢ ᠮᠢᠬ᠎ᠠ ᠡᠵᠡᠩᠨᠡᠵᠦ ᠪᠠᠶᠢᠭ᠎ᠠ ᠲᠡᠯᠭᠡᠭᠦᠷ ᠤᠨ ᠡᠵᠡᠩᠨᠡᠯᠲᠡ ᠶᠢᠨ ᠦᠨᠡᠮᠯᠡᠯ ᠪᠠᠶᠢᠬᠤ ᠡᠰᠡᠭᠦ᠂ ᠡᠵᠡᠩᠨᠡᠯᠳᠠ ᠨᠢ ᠬᠠᠤᠯᠢ ᠳᠤ ᠨᠡᠶᠢᠴᠡᠬᠦ ᠡᠰᠡᠭᠦ᠂ ᠮᠢᠬᠠᠨ ᠲᠡᠯᠭᠡᠭᠦᠷ ᠤᠨ ᠲᠦᠭᠦᠭᠡᠢ ᠮᠢᠬᠠᠨ ᠳᠤ ᠠᠮᠢᠳᠠᠨ ᠤ ᠭᠡᠵᠢᠭ ᠰᠢᠯᠭᠠᠨ ᠪᠠᠶᠢᠴᠠᠭᠠᠭᠰᠠᠨ ᠭᠡᠷᠡᠴᠢ ᠪᠠ ᠮᠢᠬᠠᠨ ᠤ ᠴᠢᠨᠠᠷ ᠴᠢᠨᠰᠠᠭᠠᠨ ᠤ ᠭᠢᠷᠢ  ᠲᠡᠩᠴᠡᠭᠰᠡᠨ ᠭᠡᠷᠡᠴᠢ ᠪᠠᠶᠢᠬᠤ ᠡᠰᠡᠬᠦ᠂ ᠮᠢᠬ᠎ᠠ ᠤᠷᠤᠭᠤᠯᠤᠭᠰᠠᠨ ᠲᠡᠮᠳᠡᠭᠯᠡᠯ ᠪᠡ ᠭᠡᠷᠡᠴᠢ᠂ ᠬᠤᠳᠠᠯᠳᠤᠭᠰᠠᠨ ᠲᠡᠮᠳᠡᠭᠯᠡᠯ ᠪᠡ ᠭᠡᠷᠡᠴᠢ ᠪᠠᠶᠢᠬᠤ ᠡᠰᠡᠭᠦ ᠵᠡᠷᠭᠡ ᠶᠢ ᠬᠢᠨᠠᠨ ᠪᠠᠶᠢᠴᠠᠭᠠᠬᠤ ᠪᠠᠷ ᠰᠠᠭᠤᠷᠢ ᠪᠤᠯᠭᠠᠵᠤ᠂ ᠪᠦᠭᠦ ᠬᠤᠰᠢᠭᠤᠨ ᠤ ᠲᠦᠭᠦᠭᠡᠢ ᠮᠢᠬ᠎ᠠ ᠡᠵᠡᠩᠨᠡᠨ ᠪᠤᠷᠤᠯᠠᠭᠤᠯᠵᠤ ᠪᠠᠶᠢᠭ᠎ᠠ ᠲᠡᠯᠭᠡᠭᠦᠷ ᠢ ᠡᠷᠦᠭᠡ ᠲᠠᠷᠠᠭᠠᠯᠠᠨ ᠨᠠᠷᠢᠯᠢᠭ ᠬᠢᠨᠠᠨ ᠪᠠᠶᠢᠴᠠᠭᠠᠪᠠ᠃      ᠲᠤᠰ ᠤᠳᠠᠭᠠᠨ ᠤ ᠬᠢᠨᠠᠨ ᠪᠠᠶᠢᠴᠠᠭᠠᠯᠲᠠ ᠳᠤ 158 ᠨᠡᠷ᠎ᠡ ᠬᠠᠤᠯᠢ ᠭᠡᠷᠡᠭᠵᠢᠭᠦᠯᠦᠭᠴᠢ ᠤᠷᠤᠯᠴᠠᠵᠤ᠂ 72 ᠲᠦᠭᠦᠭᠡᠢ ᠮᠢᠬ᠎ᠠ ᠡᠵᠡᠩᠨᠡᠨ ᠪᠤᠷᠤᠯᠠᠭᠤᠯᠵᠤ ᠪᠠᠶᠢᠭ᠎ᠠ ᠲᠡᠯᠭᠡᠭᠦᠷ ᠲᠤ ᠬᠢᠨᠠᠨ ᠪᠠᠶᠢᠴᠠᠭᠠᠯᠳᠠ ᠬᠢᠵᠤ ᠬᠢᠨᠠᠨ ᠪᠠᠶᠢᠴᠠᠭᠠᠯᠳᠠ ᠳᠤᠮᠳᠠ ᠭᠢᠷᠢ ᠲᠡᠩᠴᠡᠭᠦ ᠦᠭᠡᠢ ᠲᠦᠭᠦᠭᠡᠢ ᠮᠢᠬ᠎ᠠ ᠪᠤᠷᠤᠯᠠᠭᠤᠯᠤᠭᠰᠠᠨ ᠠᠵᠢᠯᠯᠠᠭ᠎ᠠ ᠢᠯᠡᠷᠡᠭᠰᠡᠨ ᠦᠭᠡᠢ᠃ ᠬᠤᠰᠢᠭᠤ ᠵᠠᠬ᠎ᠠ ᠲᠡᠯᠭᠡᠭᠦᠷ ᠤᠨ ᠭᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠲᠦᠭᠦᠭᠡᠢ ᠮᠢᠬᠠᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠪᠠᠨ ᠪᠦᠬᠦ ᠲᠠᠯ᠎ᠠ ᠪᠠᠷ ᠴᠢᠩᠭᠠᠳᠬᠠᠵᠤ ᠮᠢᠬᠠᠨ ᠤ ᠠᠮᠦᠷ ᠲᠦᠪᠰᠢᠨ ᠢ ᠪᠠᠲᠤᠯᠠᠬᠤ ᠪᠠᠷ ᠴᠢᠷᠮᠠᠶᠢᠵᠤ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号