ᠮᠠᠨ ᠤ ᠬᠤᠰᠢᠭᠤᠨ ᠤ ᠵᠠᠮ ᠳᠡᠭᠡᠭᠡᠪᠤᠷᠢ ᠶᠢᠨ ᠬᠠᠮᠢᠶᠠᠷᠤᠯᠳᠠ ᠶᠢᠨ ᠬᠤᠪᠢᠶᠠᠷᠢ ᠳᠤᠪᠴᠢᠶ᠎ᠠ ᠰᠤᠷᠤᠯᠴᠠᠯᠭ᠎ᠠ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2019-04-30
     ᠤᠢᠢᠷ᠎ᠠ ᠳᠤ᠂ ᠮᠠᠨ ᠤ ᠬᠤᠰᠢᠭᠤᠨ ᠤ ᠵᠠᠮ ᠳᠡᠭᠡᠭᠡᠪᠤᠷᠢ ᠶᠢᠨ ᠬᠠᠮᠢᠶᠠᠷᠤᠯᠳᠠ ᠶᠢᠨ ᠬᠤᠪᠢᠶᠠᠷᠢ ᠳᠤᠪᠴᠢᠶ᠎ᠠ ᠶᠢᠨ ᠬᠢᠨ ᠠᠬᠠᠠᠮᠠᠳ ᠨᠠᠮ ᠤᠨ ᠭᠡᠰᠢᠬᠦᠨ ᠤ ᠭᠡᠷ ᠲᠤ ᠬᠦᠷᠴᠤ ︽ᠰᠤᠷᠤᠯᠴᠠᠯᠭ᠎ᠠ ᠪᠠᠷ ᠤᠯᠤᠰ ᠢᠶᠠᠨ ᠬᠦᠴᠤᠷᠭᠡᠭᠵᠢᠬᠦᠯᠬᠦ︾ ᠰᠤᠷᠤᠯᠴᠠᠯᠭ᠎ᠠ ᠶᠢᠨ ᠳᠠᠪᠴᠠᠩ ᠢ ᠳᠠᠨᠢᠯᠴᠠᠭᠤᠯᠤᠨ᠂ ᠳᠡᠳᠡᠨ ᠳᠤ ᠡᠨᠡ ᠬᠦ ᠳᠠᠪᠴᠠᠩ ᠢ ᠭᠡᠷᠬᠢᠨ ᠠᠰᠢᠬᠯᠠᠵᠤ ᠰᠤᠷᠤᠯᠴᠠᠬᠤ ᠶᠢ ᠨᠢᠭᠤᠷᠳᠠᠨ ᠵᠢᠭᠠᠵᠤ ᠦᠭᠬᠦᠭᠰᠡᠨ ᠪᠠᠶᠢᠨ᠎ᠠ᠃      ᠳᠤᠰ ᠬᠤᠪᠢᠶᠠᠷᠢ ᠳᠤᠪᠴᠢᠶ᠎ᠠ ᠶᠢᠨ ᠬᠢᠨ ᠳᠡᠭᠡᠳᠤ ᠱᠠᠳᠤᠨ ᠤ ᠤᠷᠢᠶᠠᠯᠠᠭ᠎ᠠ ᠶᠢ ᠳᠠᠭᠠᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠤᠷᠭᠡᠭᠵᠢᠬᠦᠯᠬᠦ︾ ᠰᠤᠷᠤᠯᠴᠠᠯᠭ᠎ᠠ ᠶᠢᠨ ᠳᠠᠪᠴᠠᠩ ᠤᠨ ᠭᠡᠷᠡᠭᠯᠡᠯᠳᠡ ᠶᠢ ᠶᠡᠭᠡ ᠪᠠᠷ ᠳᠡᠯᠭᠡᠷᠡᠬᠦᠯᠤᠨ᠂ ᠡᠨᠡ ᠬᠦ ᠳᠠᠪᠴᠠᠩ ᠢ ᠪᠠᠭᠤᠯᠭᠠᠬᠤ᠂ ᠳᠠᠩᠰᠠᠯᠠᠬᠤ᠂ ᠭᠡᠷᠡᠭᠯᠡᠬᠦ ᠶᠢ ᠱᠠᠭᠠᠷᠳᠠᠵᠤ᠂ ᠳᠤᠬᠳᠠᠮᠠᠯ ᠬᠤᠭᠤᠴᠠᠭ᠎ᠠ ᠲᠠᠢ ᠪᠠᠷ ᠰᠤᠷᠤᠯᠴᠠᠯᠭ᠎ᠠ ᠶᠢᠨ ᠪᠠᠶᠢᠳᠠᠯ ᠢ ᠨᠡᠶᠢᠳᠡᠯᠡᠨ᠂ ᠰᠠᠶᠢᠨ ᠰᠤᠷᠤᠯᠴᠠᠭᠰᠠᠳ ᠢ ᠰᠠᠶᠢᠰᠢᠶᠠᠨ ᠬᠦᠬᠢᠬᠦᠯᠵᠤ᠂ ᠬᠤᠴᠤᠷᠤᠭᠰᠠᠳ ᠢ ᠱᠠᠭᠠᠷᠳᠠᠨ ᠱᠠᠯᠠᠪᠳᠠᠭᠤᠯᠵᠤ ᠪᠤᠢ᠃ ᠡᠬᠦᠨ ᠤ ᠬᠠᠮᠳᠤ ᠵᠠᠷᠢᠮ ᠠᠵᠢᠯ ᠠᠴᠠ ᠪᠠᠨ ᠠᠮᠠᠷᠠᠬᠰᠠᠨ ᠠᠬᠠᠮᠠᠳ ᠨᠠᠮ ᠤᠨ ᠭᠡᠰᠢᠬᠦᠨ ᠤᠶᠤᠨᠴᠢ ᠭᠠᠷ ᠤᠳᠠᠰᠤ ᠶᠢ ᠭᠡᠷᠡᠭᠯᠡᠵᠤ ᠴᠢᠳᠠᠬᠤ ᠦᠭᠡᠢ ᠠᠰᠠᠭᠤᠳᠠᠯ ᠳᠤ ᠴᠢᠭᠯᠡᠬᠦᠯᠤᠨ᠂ ᠦᠤᠰᠢᠨ ᠬᠤᠰᠢᠭᠤᠨ ᠤ ᠵᠠᠮ ᠳᠡᠭᠡᠭᠡᠪᠤᠷᠢ ᠶᠢᠨ ᠬᠠᠮᠢᠶᠠᠷᠤᠯᠳᠠ ᠶᠢᠨ ᠬᠤᠪᠢᠶᠠᠷᠢ ᠳᠤᠪᠴᠢᠶ᠎ᠠ ᠶᠢᠨ ᠤᠳᠤᠷᠢᠳᠬᠤ ᠪᠠᠭ ᠤᠨ ᠬᠢᠨ ᠠᠬᠠᠮᠠᠳ ᠨᠠᠮ ᠤᠨ ᠭᠡᠰᠢᠬᠦᠳ ᠤᠨ ᠡᠬᠦᠳᠡᠨ ᠳᠤᠨᠢ ᠬᠦᠷᠴᠤ ᠤᠢᠢᠯᠡᠴᠢᠯᠡᠨ᠂ ᠡᠳᠡᠭᠡᠷ ᠤᠨᠴᠠᠭᠠᠢ ᠨᠠᠮ ᠤᠨ ᠭᠡᠰᠢᠬᠦᠳ ᠢ ᠡᠨᠡ ᠬᠦ ᠳᠠᠪᠴᠠᠩ ᠤᠨ ᠬᠠᠮᠳᠤ ᠨᠢᠭᠡᠴᠢ ᠳᠤ ᠤᠷᠤᠯᠴᠠᠭᠤᠯᠤᠬᠰᠠᠨ ᠪᠠᠶᠢᠨ᠎ᠠ᠃      ︽ᠡᠨᠡ ᠬᠦ ᠰᠤᠷᠤᠯᠴᠠᠯᠭ᠎ᠠ ᠶᠢᠨ ᠳᠠᠪᠴᠠᠩ ᠬᠠᠷᠢᠨ ᠪᠤᠯᠤᠮᠠᠷ ᠳᠠᠪᠴᠠᠩ ᠪᠠᠶᠢᠨ᠎ᠠ᠂ ᠳᠤᠳᠤᠷ᠎ᠠ ᠨᠢ ᠮᠠᠰᠢ ᠤᠯᠠᠨ ᠵᠤᠬᠢᠶᠠᠯ᠂ ᠸᠢᠳᠢᠣ᠋ ᠪᠠᠶᠢᠵᠤ᠂ ᠬᠤᠷᠤᠭᠤ ᠪᠠᠷ ᠢᠶᠠᠨ ᠲᠤᠶ᠋ᠢᠮᠠᠭᠴᠠ ᠴᠠᠭ ᠳᠦᠷᠦ ᠶᠢᠨ ᠰᠤᠨᠢᠨ ᠮᠡᠳᠡᠭᠡ᠂ ᠨᠠᠮ ᠤᠨ ᠳᠡᠤᠭᠡ ᠵᠡᠷᠭᠡ ᠤᠯᠠᠨ ᠰᠠᠶᠢᠬᠠᠨ ᠠᠭᠤᠯᠭ᠎ᠠ ᠶᠢ ᠰᠤᠨᠢᠷᠬᠠᠵᠤ᠂ ᠤᠯᠤᠰ ᠤᠨ ᠳᠤᠮᠤ ᠶᠡᠭᠡ ᠤᠴᠢᠷ ᠶᠠᠪᠤᠳᠠᠯ ᠢ ᠲᠡᠷᠡ ᠳᠤᠤᠷ᠎ᠠ ᠪᠠᠨ ᠮᠡᠳᠡᠵᠤ ᠪᠤᠯᠳᠠᠭ ᠪᠠᠶᠢᠨ᠎ᠠ︾ ᠭᠡᠵᠤ 70 ᠶᠢᠨ ᠳᠠᠪᠠᠭ᠎ᠠ ᠶᠢ ᠳᠠᠪᠠᠭᠰᠠᠨ ᠠᠬᠠᠮᠠᠳ ᠨᠠᠮ ᠤᠨ ᠭᠡᠰᠢᠬᠦᠨ ᠱᠤᠤ ᠵᠢᠶᠠᠨ ᠰᠢᠤᠸᠠᠢ ᠶᠠᠷᠢᠨ᠎ᠠ᠃ ᠡᠭᠦᠨ ᠤ ᠬᠠᠮᠳᠤ ᠳᠤᠰ ᠬᠤᠪᠢᠶᠠᠷᠢ ᠳᠤᠪᠴᠢᠶ᠎ᠠ ᠶᠢᠨ ᠨᠠᠮ ᠤᠨ ᠡᠬᠦᠷ ᠤᠨ ᠬᠢᠨ ᠠᠵᠢᠯ ᠠᠴᠠ ᠪᠠᠨ ᠠᠮᠠᠷᠠᠬᠰᠠᠨ ᠨᠠᠮ ᠤᠨ ᠭᠡᠰᠢᠬᠦᠨ ᠤ ᠨᠠᠮ ᠤᠨ ᠰᠦᠢᠳᠭᠡᠯ ᠢᠶᠠᠷ ᠳᠡᠳᠡᠨ ᠳᠤ ᠨᠢᠭᠡ ᠪᠦᠯᠦᠭ ᠨᠤᠮ ᠰᠤᠳᠤᠷ ᠪᠠ ᠳᠡᠮᠳᠡᠭᠯᠡᠯ ᠤᠨ ᠳᠡᠪᠳᠡᠷ ᠠᠪᠴᠤ ᠦᠭᠴᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号