ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠰᠢᠷᠬᠤᠰᠤᠨ ᠪᠠᠯᠭᠠᠰᠤᠨ ᠳᠤ ᠬᠦᠷᠴᠤ ᠲᠠᠳᠭᠦᠨ ᠲᠠᠮᠵᠢᠭᠦ ᠡᠷᠤᠭᠡ ᠶᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-04-30
     4 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠰᠢᠷᠬᠤᠰᠤᠨ ᠪᠠᠯᠭᠠᠰᠤᠨ ᠳᠤ ᠭᠥᠷᠴᠤ ᠲᠠᠳᠭᠦᠨ ᠲᠠᠮᠵᠢᠭᠦ ᠡᠷᠤᠭᠡ ᠶᠢ ᠪᠤᠯᠭᠤᠭᠠᠨ ᠲᠤᠬᠤᠨᠢᠭᠤᠯᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ ᠪᠤᠯᠤᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠰᠢᠷᠬᠤᠰᠤᠨ ᠪᠠᠯᠭᠠᠰᠤᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠲᠠᠩᠰᠨ ᠪᠠᠶᠢᠭᠤᠯᠤᠨ ᠺᠠᠷᠲ ᠵᠤᠭᠢᠶᠠᠭᠰᠠᠨ ᠡᠷᠤᠭᠡ ᠭᠤᠤ ᠵᠢᠶᠥ᠋ᠨ ᠰᠢᠶᠤᠤ ᠶᠢᠨ ᠭᠡᠷ ᠲᠤ ᠵᠤᠤ ᠹᠸᠢ ᠯᠤ᠋ ᠲᠠᠭᠦᠨ ᠲᠠᠢ ᠲᠤᠳᠤᠨᠤᠰᠤᠭ ᠢᠶᠠᠷ ᠶᠠᠷᠢᠯᠴᠠᠨ ᠲᠡᠭᠡᠷ᠎ᠠ ᠵᠢᠯ ᠤᠨ ᠤᠷᠤᠯᠭ᠎ᠠ ᠶᠢᠨ ᠪᠠᠶᠢᠳᠠᠯ ᠢ ᠨᠠᠷᠢᠨ ᠯᠠᠪᠯᠠᠨ ᠤᠶᠢᠯᠠᠭᠠᠬᠤ ᠶᠢᠨ ᠬᠠᠮᠳᠤ ᠪᠤᠳᠠᠳᠠᠢ ᠪᠠᠶᠢᠳᠠᠯ ᠲᠠᠢ ᠨᠢ ᠤᠶᠠᠯᠳᠤᠭᠤᠯᠤᠨ ᠡᠨᠡ ᠵᠢᠯ ᠤᠨ ᠥᠢᠯᠡᠳᠪᠤᠷᠢᠯᠠᠯ ᠤᠨ ᠭᠥᠭᠵᠢᠯᠳᠠ ᠶᠢᠨ ᠲᠥᠯᠥᠪᠯᠡᠭᠡ ᠶᠢ ᠬᠠᠪᠰᠤᠷᠤᠨ ᠲᠤᠭᠳᠠᠭᠠᠭᠰᠠᠨ ᠪᠠᠶᠢᠨ᠎ᠠ᠃ ᠵᠤᠤ ᠹᠸᠢ ᠯᠤ᠋᠂ ᠭᠤᠤ ᠵᠢᠶᠥ᠋ᠨ ᠰᠢᠶᠤᠤ ᠶᠢ ᠢᠳᠡᠭᠡᠯ ᠢᠶᠠᠨ ᠪᠠᠳᠤᠳᠬᠠᠨ ᠨᠠᠮ ᠵᠠᠰᠠᠭ ᠤᠨ ᠬᠠᠯᠠᠮᠵᠢᠯᠠᠯ ᠲᠠᠮᠵᠢᠯᠭᠡ ᠲᠤᠤᠷ᠎ᠠ ᠲᠠᠷᠢᠮᠠᠯ ᠲᠠᠵᠢᠭᠡᠪᠤᠷᠢ  ᠶᠢᠨ ᠥᠢᠯᠡᠰ ᠢ ᠢᠳᠡᠪᠭᠢᠳᠠᠢ ᠭᠥᠭᠵᠢᠭᠦᠯᠵᠦ ᠥᠪᠠᠷ ᠤᠨ ᠰᠢᠷᠭᠠᠭᠤ ᠭᠥᠳᠡᠯᠮᠤᠷᠢ ᠳᠤ ᠪᠠᠨ ᠲᠥᠰᠢᠭᠯᠡᠨ ᠡᠷᠳᠡᠭᠡᠨ ᠴᠢᠨᠡᠭᠡᠯᠢᠭ ᠠᠮᠢᠳᠤᠷᠠᠬᠤ ᠶᠢ ᠵᠤᠷᠢᠭᠵᠢᠭᠤᠯᠤᠭᠰᠠᠨ ᠪᠠᠶᠢᠨ᠎ᠠ᠃      ᠲᠤᠰᠬᠤᠨ ᠳᠤ ᠰᠠᠭᠤᠭ᠎ᠠ ᠺᠠᠳ᠋ᠷ ᠪᠤᠯᠤᠨ ᠲᠤᠰᠬᠤᠨ ᠤ ᠵᠥᠪᠯᠠᠯ ᠤᠨ ᠺᠠᠳ᠋ᠷ ᠲᠠᠢ ᠶᠠᠷᠢᠯᠴᠠᠬᠤ ᠲᠤᠮᠳᠠ ᠵᠤᠤ ᠹᠸᠢ ᠯᠤ᠋  ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠪᠠᠷᠢᠮᠳᠠᠯᠠᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠴᠠᠭ ᠢᠮᠠᠭᠳᠠ ᠲᠠᠷᠢᠭᠦᠨ ᠳᠤ ᠲᠠᠯᠪᠢᠵᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠥᠢᠴᠡᠳᠭᠡᠨ  ᠭᠥᠴᠢᠷᠳᠠᠯᠳᠠᠢ ᠤᠯᠠᠨ ᠲᠥᠮᠡᠨ ᠢ ᠴᠠᠭ ᠲᠠᠷᠤᠢ ᠳᠤ ᠨᠢ ᠪᠤᠯᠭᠤᠭᠠᠨ ᠥᠵᠠᠵᠤ ᠥᠢᠯᠡᠳᠪᠤᠷᠢᠯᠠᠯ ᠠᠮᠢᠳᠤᠷᠠᠯ ᠤᠨ ᠪᠠᠶᠢᠳᠠᠯ᠂ ᠡᠯ᠎ᠠ ᠲᠥᠷᠤᠯ ᠤᠨ ᠲᠠᠳᠭᠦᠨ ᠲᠠᠮᠵᠢᠭᠦ ᠠᠷᠭ᠎ᠠ ᠪᠠᠷᠢᠯ ᠢ ᠭᠡᠷᠡᠭᠵᠢᠭᠦᠯᠥᠭᠰᠠᠨ ᠪᠠᠶᠢᠳᠠᠯ ᠢ ᠨᠠᠷᠢᠨ ᠤᠶᠢᠯᠠᠭᠠᠵᠦ ᠡᠭᠦᠷᠭᠡ ᠪᠠᠨ ᠠᠮᠵᠢᠯᠳᠠ ᠲᠠᠢ ᠪᠠᠶᠠᠯᠡᠬᠦᠯᠦᠨ ᠶᠠᠳᠠᠭᠤ ᠠᠴᠠ ᠠᠩᠭᠢᠵᠢᠷᠠᠭᠤᠯᠤᠭᠰᠠᠨ ᠥᠷ᠎ᠠ ᠪᠥᠳᠥᠭᠡᠯ ᠢ ᠪᠠᠭᠢᠵᠢᠭᠦᠯᠭᠦ ᠭᠡᠷᠡᠭᠳᠠᠢ᠃ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠬᠤᠰᠢᠭᠤᠴᠢ ᠲᠠᠭᠤᠷᠢᠶᠠᠯ ᠥᠢᠯᠡᠳᠤᠯ ᠢ ᠭᠥᠢᠴᠡᠳ ᠪᠠᠳᠠᠷᠠᠭᠤᠯᠵᠤ ᠪᠥᠭᠦ ᠲᠤᠰᠬᠤᠨ ᠤ ᠶᠠᠳᠠᠭᠤ  ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠶᠢ ᠠᠭᠢᠭᠤᠯᠬᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠵᠡᠷᠭᠡ ᠳᠤ ᠲᠥᠯᠥᠪᠯᠡᠭᠡ ᠭᠠᠷᠭᠠᠨ ᠴᠢᠨᠠᠭᠡᠯᠢᠭ ᠨᠠᠶᠢᠭᠡᠮ ᠢ ᠪᠥᠭᠦ ᠲᠠᠯ᠎ᠠ ᠪᠠᠷ ᠪᠠᠶᠢᠭᠤᠯᠬᠤ ᠶᠢ ᠠᠭᠢᠭᠤᠯᠬᠤ ᠭᠡᠷᠡᠭᠳᠠᠢ ᠭᠡᠵᠤ ᠴᠢᠬᠤᠯᠠᠴᠢᠯᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号