| | | | | 4 ᠰᠠᠷ᠎ᠠ ᠶᠢᠨ 25 ᠤ ᠡᠳᠦᠷ᠂ ᠪᠦᠬᠦ ᠬᠤᠰᠢᠭᠤᠨ ᠤ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ | ᠦᠮᠴᠢᠯᠡᠯ ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢ ᠠᠬᠢᠭᠤᠯᠬᠤ ᠸᠢᠳᠢᠤ᠋ ᠬᠤᠷᠠᠯ ᠬᠤᠰᠢᠭᠤ ᠵᠠᠰᠠᠭ | ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠵᠦ᠂ ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ | ᠬᠤᠷᠠᠯᠳᠤᠭᠤᠯᠪᠠ᠃ ᠪᠦᠬᠦ ᠬᠤᠰᠢᠭᠤᠨ ᠤ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ ᠦᠮᠴᠢᠯᠡᠯ ᠤᠨ ᠡᠷᠬᠡ | ᠶᠢᠨ ᠳᠦᠷᠢᠮ ᠤᠨ ᠦᠬᠡᠷᠡᠴᠢᠯᠡᠯᠳᠡ ᠶᠢᠨ ᠠᠵᠢᠯ ᠤᠨ ᠣᠳᠣᠷᠢᠳᠬᠤ ᠳᠣᠭᠤᠶᠢᠯᠠᠩ ᠤᠨ ᠬᠡᠰᠢᠬᠦᠨ᠂ ᠬᠤᠰᠢᠭᠤ | ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠳᠠᠯᠠᠪᠠᠢ | ᠳᠤ ᠬᠤᠷᠠᠯ ᠳᠤ ᠣᠷᠣᠯᠴᠠᠵᠦ ᠡᠯ᠎ᠡ ᠰᠣᠮᠣ ᠪᠠᠯᠭᠠᠰᠣ᠂ ᠭᠠᠴᠠᠭ᠎ᠠ ᠳᠣᠰᠬᠤᠨ ᠤ ᠬᠠᠷᠢᠭᠤᠴᠠᠯᠭᠠᠳᠠᠨ ᠬᠤᠪᠢᠶᠠᠷᠢ | ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠱᠠᠨᠰᠢ ᠮᠣᠵᠢ ᠶᠢᠨ ᠳᠡᠮᠡᠭᠡᠲᠦ ᠬᠤᠳᠠ ᠶᠢᠨ ᠢᠦᠢ ᠶᠠᠩ ᠳᠣᠭᠤᠷᠢᠭ ᠤᠨ ᠳᠠᠷᠢᠶᠠᠯᠠᠩ | ᠠᠵᠣ ᠠᠬᠤᠢ ᠶᠢᠨ ᠳᠣᠪᠴᠢᠶᠠᠨ ᠤ ᠬᠦᠳᠡᠭᠡ ᠲᠤᠰᠬᠤᠨ ᠤ ᠬᠠᠮᠲᠣ ᠶᠢᠨ ᠦᠮᠴᠢᠯᠡᠯ ᠤᠨ ᠡᠷᠬᠡ ᠶᠢᠨ ᠳᠦᠷᠢᠮ ᠤᠨ | ᠦᠬᠡᠷᠡᠴᠢᠯᠡᠯᠳᠡ ᠶᠢᠨ ᠣᠳᠣᠷᠢᠳᠬᠤ ᠲᠤᠭᠤᠶᠢᠯᠠᠩ ᠤᠨ ᠠᠯᠪᠠᠨ ᠭᠡᠷ ᠤᠨ ᠳᠡᠳ᠋ ᠡᠷᠭᠢᠯᠡᠭᠴᠢ ᠯᠢᠦ ᠬᠤᠩ ᠶᠢᠨ ᠢ | ᠣᠷᠢᠵᠦ ᠳᠣᠰᠬᠠᠢ ᠰᠡᠳᠣᠪᠲᠣ ᠳᠠᠶᠢᠯᠦᠮᠵᠢ ᠬᠢᠯᠬᠡᠪᠡ᠃ ᠯᠢᠦ ᠬᠤᠩ ᠶᠢᠨ ᠦᠬᠡᠷᠡᠴᠢᠯᠡᠯᠳᠡ ᠶᠢᠨ ᠠᠬᠤᠢ ᠪᠠᠶᠢᠳᠠᠯ᠂ | ᠳᠣᠯᠭᠠᠷᠠᠵᠦ ᠪᠠᠶᠢᠭ᠎ᠠ ᠠᠰᠠᠭᠤᠳᠠᠯ ᠵᠢᠴᠢ ᠬᠡᠷᠬᠢᠨ ᠦᠭᠡᠷᠡᠴᠢᠯᠡᠯᠳᠡ ᠬᠢᠵᠦ᠂ ᠵᠠᠩᠬᠢᠯᠠᠭ᠎ᠠ ᠶᠢ ᠠᠳᠬᠤᠬᠤ ᠳᠣᠬᠠᠢ | ᠰᠢᠰᠲ᠋ᠧᠮ ᠲᠠᠢ ᠳᠠᠶᠢᠯᠪᠣᠷᠢᠯᠠᠯᠳᠠ ᠬᠢᠪᠡ᠃ | ᠬᠤᠷᠠᠯ ᠠᠴᠠ᠂ ᠡᠯ᠎ᠡ ᠰᠣᠮᠣ ᠪᠠᠯᠭᠠᠰᠣ ᠬᠤᠶᠠᠷ ᠭᠠᠴᠠᠭ᠎ᠠ ᠳᠣᠰᠬᠤᠨ ᠢᠶᠠᠷ ᠳᠣᠷᠰᠢᠯᠳᠠ ᠶᠢᠨ ᠴᠡᠭ ᠪᠣᠯᠭᠠᠵᠦ | ᠳᠣᠷᠰᠢᠯᠳᠠ ᠶᠢᠨ ᠴᠡᠭ ᠢᠶᠠᠷ ᠪᠦᠬᠦ ᠳᠠᠯ᠎ᠠ ᠶᠢ ᠳᠠᠶᠢᠴᠢᠯᠠᠨ ᠡᠳ᠋ ᠬᠦᠷᠦᠩᠬᠡ ᠪᠠᠨ ᠪᠠᠶᠢᠴᠠᠭᠠᠨ ᠬᠠᠷᠠᠭᠤᠯᠣᠭᠰᠠᠨ | ᠰᠠᠭᠤᠷᠢᠨ ᠳᠡᠭᠡᠷ᠎ᠡ ᠬᠠᠮᠲᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠶᠢᠨ ᠬᠡᠰᠢᠬᠦᠳ ᠢ ᠳᠣᠳᠣᠯᠠᠬᠤ | ᠠᠵᠢᠯ ᠢ ᠦᠳᠳᠡᠷ ᠳᠦᠷᠭᠡᠨ ᠦᠷᠨᠢᠬᠦᠯᠵᠦ ᠬᠢᠨᠠᠯᠳᠠ ᠵᠢᠯᠣᠭᠤᠳᠣᠯᠭ᠎ᠠ ᠪᠠᠨ ᠴᠢᠩᠭᠠᠳᠬᠠᠨ ᠪᠦᠲᠦᠮᠵᠢᠲᠡᠢ ᠠᠷᠭ᠎ᠠ | ᠪᠠᠷᠢᠯ ᠢᠶᠠᠷ ᠬᠦᠴᠦᠳᠡᠢ ᠠᠬᠢᠭᠤᠯᠵᠦ ᠦᠬᠡᠷᠡᠴᠢᠯᠡᠯᠳᠡ ᠶᠢᠨ ᠰᠢᠨ᠎ᠡ ᠪᠦᠲᠦᠮᠵᠢ ᠪᠠᠷ ᠮᠠᠨ ᠤ ᠬᠤᠰᠢᠭᠤᠨ ᠤ ᠬᠦᠳᠡᠭᠡ | ᠳᠣᠰᠬᠤᠨ ᠤ ᠬᠦᠭᠵᠢᠯᠳᠡ ᠳᠤ ᠪᠠᠳᠣ ᠪᠠᠬᠢ ᠰᠠᠭᠤᠷᠢ ᠳᠠᠯᠪᠢᠬᠤ ᠬᠡᠷᠡᠭᠲᠡᠢ ᠬᠡᠵᠦ ᠴᠢᠬᠤᠯᠠᠴᠢᠯᠠᠪᠠ᠃ | |