4 ᠰᠠᠷ᠎ᠠ ᠶᠢᠨ 25 ᠤ ᠡᠳᠦᠷ᠂ ᠮᠠᠨ ᠤ ᠬᠤᠰᠢᠭᠤᠨ ᠤ 2019 ᠣᠨ ᠤ ᠪᠦᠬᠦ ᠣᠯᠣᠰ ᠤᠨ ᠨᠡᠶᠢᠬᠡᠮ ᠤᠨ | ᠠᠵᠢᠯᠯᠠᠭᠴᠢᠳ ᠤᠨ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠠᠴᠠ ᠡᠮᠦᠨᠡᠬᠢ ᠪᠤᠯᠪᠠᠰᠣᠷᠠᠯ ᠬᠤᠷᠠᠬᠤ | ᠨᠡᠶᠢᠬᠡᠮ ᠲᠣᠭᠤᠷᠢᠭ ᠲᠤ ᠬᠢᠴᠢᠶᠡᠯ ᠡᠬᠢᠯᠡᠵᠦ ᠨᠡᠶᠢᠲᠠ 150 ᠭᠠᠷᠣᠢ ᠰᠢᠯᠭᠠᠭᠤᠯᠣᠭᠴᠢ ᠣᠷᠣᠯᠴᠠᠪᠠ᠃ | ᠲᠣᠰ ᠣᠳᠠᠭᠠᠨ ᠤ ᠪᠤᠯᠪᠠᠰᠣᠷᠠᠯ ᠨᠢ ︽ᠨᠡᠶᠢᠭᠡᠮ ᠤᠨ ᠠᠵᠢᠯ ᠤᠨ ᠶᠡᠷᠦᠩᠬᠡᠶᠢᠯᠡᠭᠰᠡᠨ ᠪᠤᠯᠪᠠᠰᠣᠷᠠᠯ︾᠂ ︽ | ᠨᠡᠶᠢᠬᠡᠮ ᠤᠨ ᠠᠵᠢᠯ ᠤᠨ ᠪᠣᠳᠠᠳᠣ ᠶᠠᠪᠣᠳᠠᠯ︾᠂ ︽ᠨᠡᠶᠢᠬᠡᠮ ᠤᠨ ᠠᠵᠢᠯ ᠤᠨ ᠬᠠᠤᠯᠢ ᠲᠣᠭᠳᠠᠭᠠᠯ ᠪᠠ ᠲᠦᠷᠦ ᠶᠢᠨ | ᠪᠤᠳᠣᠯᠭ᠎ᠠ︾ ᠵᠡᠷᠭᠡ ᠰᠢᠯᠭᠠᠬᠤ ᠬᠢᠴᠢᠶᠡᠯ ᠤᠨ ᠲᠣᠭᠤᠷᠢᠨ ᠳᠤ ᠶᠠᠪᠣᠭᠳᠠᠵᠤ ᠰᠢᠯᠭᠠᠯᠲᠠ ᠶᠢᠨ ᠭᠤᠣᠯᠳᠠᠯᠭ᠎ᠠ᠂ | ᠬᠦᠴᠢᠷ ᠠᠰᠠᠭᠤᠳᠠᠯ᠂ ᠮᠡᠳᠡᠯᠭᠡ ᠶᠢᠨ ᠴᠡᠭ᠂ ᠰᠡᠳᠦᠪ ᠬᠠᠷᠢᠭᠤᠯᠬᠤ ᠠᠷᠭ᠎ᠠ ᠪᠠᠷᠢᠯ ᠳᠤ ᠨᠠᠷᠢᠨ ᠲᠠᠶᠢᠯᠪᠤᠷᠢᠯᠠᠯᠲᠠ | ᠬᠢᠭᠰᠡᠨ ᠪᠠᠶᠢᠨ᠎ᠠ᠃ ᠪᠤᠯᠪᠠᠰᠣᠷᠠᠯ ᠤᠨ ᠠᠬᠤᠢ ᠲᠠᠯᠠᠪᠠᠢ ᠳᠤ ᠬᠠᠮᠲᠤᠪᠡᠷ ᠰᠣᠳᠣᠯᠣᠨ ᠶᠠᠷᠢᠯᠴᠠᠨ ᠬᠤᠭᠤᠷᠣᠨᠲᠣ ᠪᠠᠨ | ᠲᠦᠪᠡᠭᠲᠡᠢ ᠠᠰᠠᠭᠤᠳᠠᠯ ᠤᠳ ᠢᠶᠠᠨ ᠶᠠᠷᠢᠯᠴᠠᠨ ᠰᠢᠢᠳᠪᠤᠷᠢᠯᠡᠵᠡᠢ᠃ | ᠤᠶᠢᠯᠠᠭᠠᠭᠰᠠᠨ ᠢᠶᠠᠷ᠂ 10 ᠡᠳᠦᠷ ᠤᠨ ᠬᠤᠭᠤᠴᠠᠭ᠎ᠠ ᠲᠠᠢ ᠶᠠᠪᠣᠭᠳᠠᠬᠤ ᠲᠣᠰ ᠣᠳᠠᠭᠠᠨ ᠤ ᠪᠣᠯᠪᠠᠰᠣᠷᠠᠯ | ᠳᠤ ᠪᠡᠬᠡᠵᠢᠩ ᠤᠨ ᠵᠠᠯᠠᠭᠤᠴᠣᠳ ᠤᠨ ᠣᠯᠣᠰ ᠲᠦᠷᠦ ᠶᠢᠨ ᠳᠡᠭᠡᠳᠦ ᠰᠣᠷᠭᠠᠭᠤᠯᠢ ᠪᠣᠯᠣᠨ ᠥᠪᠦᠷ ᠮᠤᠩᠭᠤᠯ ᠤᠨ | ᠶᠡᠭᠡ ᠰᠣᠷᠭᠠᠭᠤᠯᠢ ᠶᠢᠨ ᠨᠡᠶᠢᠬᠡᠮ ᠤᠨ ᠠᠵᠢᠯ ᠤᠨ ᠳᠣᠰᠬᠠᠢ ᠮᠡᠷᠭᠡᠵᠢᠯᠳᠡᠨ ᠢ ᠣᠷᠢᠵᠣ ᠪᠦᠬᠦ ᠬᠤᠰᠢᠭᠤᠨ ᠤ | ᠰᠢᠯᠭᠠᠭᠤᠯᠣᠭᠰᠠᠳ ᠠᠴᠠ ᠰᠦᠢᠳᠬᠡᠯ ᠬᠤᠷᠢᠶᠠᠬᠤ ᠦᠬᠡᠢ ᠬᠢᠴᠢᠶᠡᠯᠯᠡᠬᠦᠯᠦᠨ ᠦᠷᠭᠡᠨ ᠣᠯᠠᠨ ᠰᠢᠯᠭᠠᠭᠤᠯᠣᠭᠴᠢ ᠳᠤ | ᠰᠡᠳᠣᠪ ᠤᠨ ᠬᠡᠯᠪᠡᠷᠢ ᠶᠢ ᠲᠠᠨᠢᠭᠤᠯᠬᠤ᠂ ᠭᠤᠣᠯᠳᠠᠯᠭ᠎ᠠ ᠲᠠᠢ ᠠᠭᠤᠯᠭ᠎ᠠ ᠶᠢ ᠡᠵᠡᠮᠰᠢᠬᠦᠯᠬᠦ ᠵᠡᠷᠭᠡ ᠲᠠᠯ᠎ᠠ ᠶᠢᠨ | ᠳᠣᠰᠬᠠᠶᠢᠵᠢᠭᠰᠠᠨ ᠪᠣᠯᠪᠠᠰᠣᠷᠠᠯ ᠬᠢᠵᠣ ᠰᠢᠯᠭᠠᠯᠳ᠋ᠨ ᠶᠢᠨ ᠰᠢᠯᠢᠳᠡᠭ ᠦᠷ᠎ᠡ ᠪᠦᠲᠦᠮᠵᠢ ᠣᠯᠬᠤ ᠳᠤ ᠳᠠᠮᠵᠢᠯᠭᠡ | ᠦᠵᠡᠬᠦᠯᠬᠦ ᠪᠠᠷ ᠴᠢᠷᠮᠠᠶᠢᠵᠦ ᠪᠠᠶᠢᠨ᠎ᠠ᠃ |