ᠰᠢ ᠶᠢᠨ ᠫᠢᠩ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠤᠨ ᠡᠬᠢᠯᠡᠯᠳᠠ ᠶᠢᠨ ᠶᠤᠰᠤᠯᠠᠯ ᠳᠤ ᠤᠷᠤᠯᠴᠠᠵᠤ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠪᠡ
ᠨᠡᠶᠢᠲᠡᠯᠡᠭᠰᠡᠨ ᠴᠠᠭ᠄
2019-04-30
     ᠤᠯᠤᠰ ᠤᠨ ᠲᠡᠷᠢᠬᠦᠯᠡᠭᠴᠢ ᠰᠢ ᠶᠢᠨ ᠫᠢᠩ 26 ᠤ ᠡᠳᠦᠷ ᠪᠡᠭᠡᠵᠢᠩ ᠳᠠᠬᠢ ᠤᠯᠤᠰ ᠤᠨ ᠬᠤᠷᠠᠯ ᠦᠵᠡᠰᠬᠦᠯᠡᠩ ᠤᠨ ᠲᠦᠪ ᠲᠤ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠤᠨ ᠡᠬᠢᠯᠡᠯᠳᠠ ᠶᠢᠨ ᠶᠤᠰᠤᠯᠠᠯ ᠳᠤ ᠤᠷᠤᠯᠴᠠᠵᠤ ︽ᠰᠡᠳᠬᠢᠯ ᠨᠢᠭᠡᠲᠦᠨ ︿ᠨᠢᠭᠡ ᠪᠦᠰᠡ ᠨᠢᠭᠡ ᠵᠠᠮ﹀ ᠤᠨ ᠰᠠᠶᠢᠨ ᠰᠠᠶᠢᠬᠠᠨ ᠢᠷᠡᠭᠡᠳᠦᠢ ᠶᠢ ᠬᠠᠮᠲᠦ ᠪᠠᠷ ᠴᠤᠭᠴᠠᠯᠠᠶ᠎ᠠ︾ ᠭᠡᠬᠦ ᠰᠡᠳᠦᠪ ᠲᠠᠢ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠦ᠂ ︽ᠨᠢᠭᠡ ᠪᠦᠰᠡ ᠨᠢᠭᠡ ᠵᠠᠮ︾ ᠨᠢ ᠳᠡᠯᠡᠭᠡᠢ ᠶᠢᠨ ᠡᠯ᠎ᠠ ᠤᠯᠤᠰ ᠤᠨ ᠬᠦᠭᠵᠢᠯᠳᠠ ᠳᠤ ᠰᠢᠨ᠎ᠠ ᠠᠵᠠ ᠲᠤᠬᠢᠶᠠᠯ ᠤᠯᠭᠤᠬᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠨᠡᠭᠡᠭᠡᠯᠳᠠ ᠬᠢᠵᠦ ᠭᠦᠭᠵᠢᠨ ᠴᠡᠴᠡᠭᠯᠡᠬᠦ ᠳᠤ ᠰᠢᠨ᠎ᠠ ᠤᠷᠤᠨ ᠵᠠᠢ ᠶᠢ ᠨᠡᠭᠡᠭᠡᠨ ᠦᠭᠴᠠᠢ ᠃ ᠢᠷᠡᠭᠡᠳᠦᠢ ᠳᠤ ᠬᠠᠨᠳᠤᠵᠦ᠂ ᠪᠢᠳᠠ ᠬᠠᠮᠳᠤ ᠪᠠᠷ ᠵᠦᠪᠳᠡᠵᠦ ᠬᠠᠮᠳᠤ ᠪᠠᠷ ᠪᠠᠶᠢᠭᠤᠯᠵᠦ ᠬᠠᠮᠳᠤ ᠪᠠᠷ ᠡᠳ᠋ᠯᠡᠬᠦ ᠵᠠᠷᠴᠢᠮ ᠢ ᠪᠠᠷᠢᠮᠳᠠᠯᠠᠵᠦ᠂ ᠨᠡᠬᠡᠬᠡᠯᠳᠠᠳᠠᠢ᠂ ᠪᠤᠬᠢᠷᠳᠤᠯ ᠦᠭᠡᠢ᠂ ᠠᠷᠢᠭᠤᠨ ᠴᠢᠭᠡᠴᠢ ᠤᠶᠢᠯᠠᠭᠠᠭᠳᠠᠬᠤᠨ ᠢ ᠪᠠᠷᠢᠮᠳᠠᠯᠠᠵᠤ᠂ ᠦᠨᠳᠦᠷ ᠪᠠᠷᠢᠮᠵᠢᠶ᠎ᠠ ᠪᠦᠬᠦᠢ᠂ ᠠᠷᠠᠳ ᠲᠤ ᠠᠰᠢᠭ ᠬᠦᠷᠳᠡᠭᠡᠬᠦ᠂ ᠦᠷᠭᠦᠯᠵᠢᠯᠡᠬᠦ ᠬᠠᠷᠠᠯᠳᠠ ᠶᠢ ᠴᠢᠷᠮᠠᠶᠢᠨ ᠪᠡᠶᠡᠯᠡᠭᠦᠯᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠶᠢ ᠴᠢᠨᠠᠷ ᠰᠠᠶᠢᠳᠠᠢ ᠬᠦᠭᠵᠢᠯᠳᠠ ᠶᠢᠨ ᠴᠢᠭᠯᠡᠯ ᠲᠡᠶᠢᠰᠢ ᠲᠠᠰᠤᠷᠠᠯᠳᠠ ᠦᠭᠡᠢ ᠤᠷᠤᠬᠰᠢ ᠠᠬᠢᠭᠤᠯᠤᠶ᠎ᠠ ᠭᠡᠵᠦ ᠴᠢᠬᠤᠯᠠᠴᠢᠯᠠᠪᠠ᠃
     ᠰᠢ ᠶᠢᠨ ᠫᠢᠩ᠂ ᠳᠤᠮᠳᠠᠳᠤ ᠤᠯᠤᠰ ᠠᠯᠢ ᠤᠯᠠᠨ ᠴᠢᠬᠤᠯᠠ ᠶᠡᠭᠡ ᠦᠭᠡᠷᠡᠴᠢᠯᠡᠯᠳᠡ ᠨᠡᠬᠡᠬᠡᠯᠳᠡ ᠶᠢᠨ ᠠᠷᠭ᠎ᠠ ᠬᠡᠮᠵᠢᠶ᠎ᠠ ᠬᠡᠷᠡᠭᠵᠢᠭᠦᠯᠵᠤ ᠪᠠᠶᠢᠭᠠᠳ ᠨᠡᠩ ᠦᠨᠳᠦᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠠᠬᠢᠭᠤᠯᠤᠨ᠎ᠠ᠃ ᠪᠢᠳᠡ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠢ ᠨᠡᠩ ᠦᠷᠭᠡᠨ ᠬᠦᠷᠢᠶᠡᠨ ᠳᠤ ᠦᠷᠭᠡᠳᠭᠡᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠤᠯᠠᠨ ᠤᠯᠤᠰ ᠤᠨ ᠬᠠᠮᠳᠤᠷᠠᠯᠴᠠᠭ᠎ᠠ ᠶᠢ ᠨᠡᠩ ᠶᠡᠭᠡ ᠪᠠᠷ ᠴᠢᠩᠭᠠᠳᠬᠠᠵᠤ᠂ ᠲᠠᠸᠠᠷ ᠪᠠ ᠦᠢᠯᠡᠴᠢᠯᠡᠭᠡ ᠶᠢ ᠭᠠᠳᠠᠭᠠᠳᠤ ᠠᠴᠠ ᠤᠷᠤᠭᠤᠯᠬᠤ ᠶᠢ ᠨᠡᠩ ᠶᠡᠭᠡ ᠬᠡᠪᠴᠢᠶ᠎ᠠ ᠪᠠᠷ ᠨᠡᠮᠡᠭᠳᠡᠭᠦᠯᠵᠤ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢ ᠨᠡᠩ ᠪᠦᠲᠦᠮᠵᠢᠳᠠᠢ ᠬᠡᠷᠡᠭᠵᠢᠭᠦᠯᠵᠤ᠂ ᠭᠠᠳᠠᠭᠠᠳᠤ ᠨᠡᠬᠡᠬᠡᠯᠳᠡ ᠶᠢᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠩ ᠴᠢᠬᠤᠯᠠᠴᠢᠯᠠᠨ᠎ᠠ ᠭᠡᠵᠤ ᠨᠡᠶᠢᠳᠡᠯᠡᠵᠠᠢ᠃     ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠡᠬᠢᠯᠡᠯᠳᠡ ᠶᠢᠨ ᠶᠤᠰᠤᠯᠠᠯ ᠢ ᠡᠷᠬᠢᠯᠡᠪᠡ᠃     ᠦᠳᠡ ᠶᠢᠨ ᠡᠮᠦᠨᠡᠬᠢ 9 ᠴᠠᠭ 35 ᠮᠢᠨᠦ᠋ᠲ ᠤᠨ ᠦᠶ᠎ᠠ ᠪᠠᠷ᠂ ᠰᠢ ᠶᠢᠨ ᠫᠢᠩ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠭᠠᠳᠠᠭᠠᠳᠤ ᠶᠢᠨ ᠤᠳᠤᠷᠢᠳᠬᠤ ᠬᠦᠮᠦᠰ ᠲᠠᠢ ᠬᠠᠮᠳᠦ ᠬᠤᠷᠠᠯ ᠤᠨ ᠲᠠᠯᠠᠪᠠᠢ ᠳᠤ ᠤᠷᠤᠵᠤ ᠢᠷᠡᠪᠡ᠃ ᠲᠠᠯᠠᠪᠠᠢ ᠲᠠᠶᠠᠭᠠᠷ ᠢᠶᠠᠨ ᠪᠤᠰᠴᠤ ᠵᠤᠭᠰᠤᠨ ᠪᠠᠶᠠᠷᠯᠠᠨ ᠤᠭᠳᠤᠵᠠᠢ᠃ ᠬᠠᠨ ᠵᠧᠩ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ ᠡᠬᠢᠯᠡᠭᠰᠡᠨ ᠢ ᠵᠠᠷᠯᠠᠪᠠ᠃      ᠨᠢᠵᠢᠭᠢᠨᠡᠭᠰᠡᠨ ᠠᠯᠠᠭ᠎ᠠ ᠲᠠᠰᠢᠯᠳᠠ ᠶᠢᠨ ᠳᠠᠭᠤᠨ ᠤ ᠳᠤᠮᠳᠠ᠂ ᠰᠢ ᠶᠢᠨ ᠫᠢᠩ ᠲᠡᠷᠢᠭᠦᠯᠡᠭᠴᠢ ᠲᠠᠶᠢᠰᠠᠨ ᠳᠤ ᠭᠠᠷᠴᠤ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ ᠰᠢ ᠶᠢᠨ ᠫᠢᠩ᠂ ᠬᠤᠶᠠᠷ ᠵᠢᠯ ᠤᠨ ᠡᠮᠦᠨ᠎ᠠ᠂ ᠪᠢᠳᠠ ᠠᠳᠡ ᠠᠩᠬᠠᠳᠤᠭᠠᠷ ᠬᠤᠭᠤᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠢ ᠡᠷᠬᠢᠯᠡᠨ ᠬᠢᠵᠤ᠂ ᠲᠦᠷᠦ ᠶᠢᠨ ᠪᠤᠳᠤᠯᠭ᠎ᠠ ᠶᠢᠨ ᠨᠡᠪᠳᠡᠷᠡᠯᠴᠡᠭᠡ᠂ ᠲᠤᠨᠤᠬ ᠲᠦᠭᠦᠭᠡᠷᠦᠮᠵᠢ ᠶᠢᠨ ᠨᠡᠪᠳᠡᠷᠡᠯᠴᠡᠭᠡ᠂ ᠠᠷᠠᠯᠵᠢᠶ᠎ᠠ ᠬᠤᠳᠠᠯᠳᠤᠭᠠᠨ ᠤ ᠨᠡᠪᠳᠡᠷᠡᠯᠴᠡᠭᠡ᠂ ᠪᠡᠯᠡ ᠮᠦᠩᠬᠦᠨ ᠤ ᠨᠡᠪᠳᠡᠷᠡᠯᠴᠡᠭᠡ᠂ ᠠᠷᠠᠳ ᠤᠨ ᠰᠡᠳᠬᠢᠯ ᠤᠨ ᠨᠡᠪᠳᠡᠷᠡᠯᠴᠡᠭᠡ ᠶᠢᠨ ᠬᠠᠮᠳᠤᠷᠠᠯᠴᠠᠭᠠᠨ ᠤ ᠵᠢᠷᠤᠭ ᠲᠦᠰᠦᠪ ᠢ ᠲᠦᠯᠦᠪᠵᠢᠬᠦᠯᠪᠡ᠃ ᠦᠨᠦᠳᠦᠷ᠂ ᠳᠡᠯᠡᠭᠡᠢ ᠶᠢᠨ ᠡᠯ᠎ᠠ ᠭᠠᠵᠠᠷ ᠠᠴᠠ ᠬᠦᠷᠦᠯᠴᠡᠨ ᠢᠷᠡᠭᠰᠡᠨ ᠨᠠᠶᠢᠵᠠ ᠨᠠᠷ ᠲᠠᠬᠢᠨ ᠬᠤᠷᠠᠨ ᠴᠤᠬᠯᠠᠷᠠᠪᠠ᠃ ᠪᠢ ᠤᠯᠠᠨ ᠲᠠᠢ ᠬᠠᠮᠳᠦ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠰᠠᠶᠢᠨ ᠰᠠᠶᠢᠬᠠᠨ ᠢᠷᠡᠭᠡᠳᠦᠢ ᠶᠢ ᠬᠠᠮᠳᠤ ᠪᠠᠷ ᠴᠤᠬᠴᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠵᠠᠢ᠃
     ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢᠨ ᠬᠠᠷᠠᠯᠳᠠ ᠪᠤᠯ ᠬᠤᠯᠪᠤᠯᠳᠤᠨ ᠨᠡᠪᠳᠡᠷᠡᠯᠴᠡᠬᠦ ᠳᠤ ᠠᠩᠬᠠᠷᠤᠯ ᠢᠶᠠᠨ ᠲᠦᠪᠯᠡᠷᠡᠬᠦᠯᠵᠦ᠂ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠬᠦᠮᠦᠨ ᠲᠦᠷᠦᠯᠬᠢᠳᠡᠨ ᠳᠤ ᠲᠤᠯᠭᠠᠷᠠᠵᠦ ᠪᠠᠶᠢᠭ᠎ᠠ ᠡᠯ᠎ᠠ ᠵᠦᠢᠯ ᠤᠨ ᠠᠶᠤᠯ ᠲᠦᠭᠰᠢᠬᠦᠷᠢ ᠦᠷᠢᠰᠦᠯᠳᠦᠭᠡᠨ ᠢ ᠭᠠᠷ ᠬᠤᠯᠪᠤᠨ ᠠᠷᠭᠠᠴᠠᠭᠠᠵᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ᠂ ᠬᠠᠮᠳᠤ ᠪᠠᠷ ᠬᠦᠭᠵᠢᠬᠦ ᠶᠢ ᠪᠡᠶᠡᠯᠡᠬᠦᠯᠬᠦ ᠶᠢᠨ ᠲᠦᠯᠦᠭᠡ ᠶᠤᠮ᠃ ᠡᠯ᠎ᠠ ᠲᠠᠯ᠎ᠠ ᠶᠢᠨ ᠬᠠᠮᠳᠤ ᠶᠢᠨ ᠴᠢᠷᠮᠠᠶᠢᠯᠭ᠎ᠠ ᠪᠠᠷ᠂ ᠠᠩᠬᠠᠳᠤᠭᠠᠷ ᠬᠤᠭᠤᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠤᠨ ᠡᠯ᠎ᠠ ᠵᠦᠢᠯ ᠤᠨ ᠦᠷ᠎ᠠ ᠪᠦᠳᠦᠭᠡᠯ ᠢ ᠠᠮᠵᠢᠯᠳᠠᠳᠠᠢ ᠨᠠᠶᠢᠳᠠᠪᠤᠷᠢᠵᠢᠭᠤᠯᠵᠦ᠂ 150 ᠭᠠᠷᠤᠢ ᠤᠯᠤᠰ ᠪᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠢᠨ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠬᠠᠮᠳᠤᠷᠠᠯᠴᠠᠭᠠᠨ ᠤ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠠᠽᠢᠶ᠎ᠠ ᠡᠸᠦ᠋ᠷᠦᠫᠠ ᠶᠢᠨ ᠡᠭᠡ ᠬᠠᠭᠤᠷᠠᠢ ᠠᠴᠠ ᠠᠹᠷᠢᠺᠠ ᠲᠢᠪ᠂ ᠠᠮᠧᠷᠢᠺᠠ ᠲᠢᠪ᠂ ᠶᠡᠭᠡ ᠲᠠᠯᠠᠢ ᠶᠢᠨ ᠲᠢᠪ ᠬᠦᠷᠳᠡᠯ᠎ᠠ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠨᠢ ᠳᠡᠯᠡᠭᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠠ ᠤᠷᠤᠨ ᠵᠠᠢ ᠶᠢ ᠨᠡᠭᠡᠭᠡᠨ ᠦᠭᠴᠦ᠂ ᠤᠯᠠᠨ ᠤᠯᠤᠰ ᠤᠨ ᠠᠷᠠᠯᠵᠢᠶ᠎ᠠ ᠪᠠ ᠪᠡᠯᠡ ᠤᠷᠤᠭᠤᠯᠤᠯᠳᠠ ᠳᠤ ᠰᠢᠨ᠎ᠠ ᠲᠠᠪᠴᠠᠩ ᠢ ᠬᠠᠩᠭᠠᠨ ᠦᠭᠴᠦ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠳᠠ ᠶᠢ ᠳᠡᠬᠦᠯᠳᠡᠷᠵᠢᠬᠦᠯᠬᠦ ᠳᠤ ᠰᠢᠨ᠎ᠠ ᠦᠢᠯᠡᠳᠦᠯᠭᠡ ᠶᠢ ᠦᠷᠬᠡᠵᠢᠬᠦᠯᠦᠨ ᠦᠭᠴᠦ᠂ ᠡᠯ᠎ᠠ ᠤᠯᠤᠰ ᠤᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠬᠦᠯᠬᠦ ᠳᠤ ᠰᠢᠨ᠎ᠠ ᠬᠤᠪᠢ ᠨᠡᠮᠡᠷᠢ ᠦᠵᠡᠬᠦᠯᠵᠦ᠂ ᠬᠠᠮᠳᠤ ᠶᠢᠨ ᠠᠵᠠ ᠲᠤᠬᠢᠶᠠᠯ ᠤᠨ ᠵᠠᠮ᠂ ᠬᠦᠭᠵᠢᠯ ᠴᠡᠴᠡᠭᠯᠡᠯ ᠤᠨ ᠵᠠᠮ ᠪᠤᠯᠵᠠᠢ ᠭᠡᠵᠦ ᠴᠢᠬᠤᠯᠠᠴᠢᠯᠠᠪᠠ᠃      ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠨᠢ ᠠᠵᠤ ᠠᠬᠤᠢ ᠶᠢᠨ ᠳᠡᠯᠡᠭᠡᠶᠢᠵᠢᠯ ᠤᠨ ᠲᠡᠦᠭᠡ ᠶᠢᠨ ᠤᠷᠤᠰᠬᠠᠯ ᠳᠤ ᠵᠤᠬᠢᠴᠠᠵᠦ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠬᠤᠪᠢᠰᠤᠯᠳᠠ ᠶᠢᠨ ᠴᠠᠭ ᠦᠶ᠎ᠠ ᠶᠢᠨ ᠱᠠᠭᠠᠷᠳᠠᠯᠭ᠎ᠠ ᠳᠤ ᠵᠤᠬᠢᠴᠠᠵᠦ᠂ ᠡᠯ᠎ᠠ ᠤᠯᠤᠰ ᠤᠨ ᠠᠷᠠᠳ ᠲᠦᠮᠡᠨ ᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠴᠢᠩᠭ᠎ᠠ ᠲᠤᠯᠭᠠᠮ ᠬᠦᠰᠡᠯ ᠱᠠᠭᠠᠷᠳᠠᠯᠭ᠎ᠠ ᠳᠤ ᠵᠤᠬᠢᠴᠠᠵᠤ ᠪᠠᠶᠢᠨ᠎ᠠ᠃ ᠢᠷᠡᠭᠡᠳᠦᠢ ᠳᠤ ᠬᠠᠨᠳᠤᠵᠦ᠂ ᠪᠢᠳᠠ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠬᠦᠨᠵᠡᠭᠡᠢ ᠨᠢᠮᠪᠠᠢ ᠬᠡᠷᠡᠭᠵᠢᠭᠦᠯᠵᠤ᠂ ᠤᠷᠠᠨ ᠰᠠᠶᠢᠬᠠᠨ ︽ᠨᠠᠷᠢᠯᠢᠭ ᠵᠢᠷᠤᠭ︾ ᠢ ᠬᠠᠮᠳᠤ ᠪᠠᠷ ᠵᠢᠷᠤᠬᠯᠠᠵᠦ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠶᠢ ᠴᠢᠨᠠᠷ ᠰᠠᠶᠢᠳᠠᠢ ᠬᠦᠭᠵᠢᠯᠳᠠ ᠶᠢᠨ ᠴᠢᠭᠯᠡᠯ ᠲᠡᠶᠢᠰᠢ ᠲᠠᠰᠤᠷᠠᠯᠳᠠ ᠦᠭᠡᠢ ᠤᠷᠤᠬᠰᠢ ᠠᠬᠢᠭᠤᠯᠤᠶ᠎ᠠ᠃ ᠪᠢᠳᠠ ᠬᠠᠮᠳᠤ ᠪᠠᠷ ᠵᠦᠪᠳᠡᠵᠦ ᠬᠠᠮᠳᠤ ᠪᠠᠷ ᠪᠠᠶᠢᠭᠤᠯᠵᠦ ᠬᠠᠮᠳᠤ ᠪᠠᠷ ᠡᠳ᠋ᠯᠡᠬᠦ ᠵᠠᠷᠴᠢᠮ ᠢ ᠪᠠᠷᠢᠮᠳᠠᠯᠠᠵᠦ᠂ ᠤᠯᠠᠨ ᠲᠠᠯᠠᠳᠦ ᠦᠵᠡᠯ ᠢ ᠰᠠᠨᠠᠭᠠᠴᠢᠯᠠᠵᠦ᠂ ᠬᠤᠶᠠᠷ ᠲᠠᠯ᠎ᠠ ᠶᠢᠨ ᠬᠠᠮᠳᠤᠷᠠᠯᠴᠠᠭ᠎ᠠ᠂ ᠭᠤᠷᠪᠡᠨ ᠲᠠᠯ᠎ᠠ ᠶᠢᠨ ᠬᠠᠮᠳᠤᠷᠠᠯᠴᠠᠭ᠎ᠠ᠂ ᠤᠯᠠᠨ ᠲᠠᠯ᠎ᠠ ᠶᠢᠨ ᠬᠠᠮᠳᠤᠷᠠᠯᠴᠠᠭ᠎ᠠ ᠵᠡᠷᠭᠡ ᠡᠯ᠎ᠠ ᠵᠦᠢᠯ ᠤᠨ ᠭᠡᠯᠪᠡᠷᠢ ᠪᠠᠷ᠂ ᠲᠤᠰᠤᠯ ᠢ ᠬᠤᠷᠠᠮᠳᠤᠭᠤᠯᠤᠨ ᠲᠠᠯᠠᠢ ᠪᠤᠯᠭᠠᠶ᠎ᠠ᠃ ᠪᠢᠳᠡ ᠨᠡᠬᠡᠬᠡᠯᠳᠠᠳᠠᠢ᠂ ᠪᠤᠬᠢᠷᠳᠤᠯ ᠦᠭᠡᠢ᠂ ᠠᠷᠢᠭᠤᠨ ᠴᠢᠭᠡᠴᠢ ᠤᠶᠢᠯᠠᠭᠠᠭᠳᠠᠬᠤᠨ ᠢ ᠪᠠᠷᠢᠮᠳᠠᠯᠠᠵᠤ᠂ ᠪᠤᠰᠤᠳ ᠢ ᠭᠠᠳᠠᠭᠤᠷᠴᠢᠯᠠᠬᠤ ᠲᠦᠭᠵᠢᠮᠡᠯ ᠵᠢᠵᠢᠭ ᠪᠦᠯᠬᠦᠮ ᠢ ᠦᠯᠦ ᠪᠠᠶᠢᠭᠤᠯᠵᠤ᠂ ᠪᠤᠬᠢᠷᠳᠤᠯ ᠦᠭᠡᠢ ᠪᠠᠷ ᠰᠠᠭᠤᠷᠢ ᠦᠩᠭᠡ ᠪᠤᠯᠭᠠᠵᠤ᠂ ᠪᠤᠬᠢᠷᠳᠤᠯ ᠦᠭᠡᠢ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ᠂ ᠪᠤᠬᠢᠷᠳᠤᠯ ᠦᠭᠡᠢ ᠪᠡᠯᠡ ᠤᠷᠤᠭᠤᠯᠤᠯᠳᠠ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠢ ᠠᠬᠢᠭᠤᠯᠵᠤ᠂ ᠠᠯᠢᠪᠠ ᠬᠠᠮᠳᠤᠷᠠᠯᠴᠠᠭ᠎ᠠ ᠶᠢ ᠢᠯᠡ ᠪᠠᠷ ᠬᠢᠬᠦ ᠶᠢ ᠪᠠᠷᠢᠮᠳᠠᠯᠠᠵᠤ᠂ ᠳᠤᠷᠠᠳᠠᠶ᠎ᠠ ᠡᠯ᠎ᠠ ᠲᠠᠯ᠎ᠠ ᠶᠢᠨ ᠬᠢᠨ ᠲᠠᠢ ᠬᠠᠮᠳᠦ ᠪᠠᠷ ᠰᠤᠷᠳᠠᠯ ᠴᠢᠭᠡᠴᠢ ᠤᠪᠤᠷ ᠲᠦᠪ ᠲᠤᠷᠭᠠᠨ ᠵᠠᠮ ᠢ ᠪᠦᠲᠦᠭᠡᠨ ᠪᠠᠶᠢᠭᠤᠯᠤᠨ᠎ᠠ ᠃    ᠪᠢᠳᠡ ᠦᠨᠳᠦᠷ ᠪᠠᠷᠢᠮᠵᠢᠶ᠎ᠠ ᠪᠦᠬᠦᠢ᠂ ᠠᠷᠠᠳ ᠲᠤ ᠠᠰᠢᠭ ᠬᠦᠷᠳᠡᠭᠡᠬᠦ᠂ ᠦᠷᠭᠦᠯᠵᠢᠯᠡᠬᠦ ᠬᠠᠷᠠᠯᠳᠠ ᠶᠢ ᠴᠢᠷᠮᠠᠶᠢᠨ ᠪᠡᠶᠡᠯᠡᠭᠦᠯᠵᠤ᠂ ᠡᠯ᠎ᠠ ᠲᠠᠯ᠎ᠠ ᠶᠢᠨ ᠬᠢᠨ ᠨᠡᠶᠢᠳᠡᠮ ᠳᠡᠮᠵᠢᠬᠦ ᠳᠦᠷᠢᠮ ᠤᠨ ᠪᠠᠷᠢᠮᠵᠢᠶ᠎ᠠ ᠶᠢ ᠬᠡᠷᠡᠭᠯᠡᠵᠤ᠂ ᠡᠯ᠎ᠠ ᠤᠯᠤᠰ ᠤᠨ ᠬᠠᠤᠯᠢ ᠴᠠᠭᠠᠵᠠ ᠬᠠᠤᠯᠢ ᠲᠤᠭᠳᠠᠭᠠᠯ ᠢ ᠵᠢᠷᠤᠮᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠶᠠᠳᠠᠭᠤ ᠬᠦᠴᠢᠷᠳᠡᠯ ᠢ ᠠᠷᠢᠯᠭᠠᠬᠤ᠂ ᠠᠵᠢᠯ ᠤᠯᠭᠤᠯᠳᠠ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠤᠯᠳᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠦᠷ᠎ᠠ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠰᠠᠶᠢᠨ ᠢᠶᠠᠷ ᠠᠰᠢᠭ ᠬᠦᠷᠳᠡᠭᠡᠬᠦ ᠶᠢᠨ ᠵᠡᠷᠭᠡ ᠪᠠᠷ ᠬᠤᠳᠠᠯᠳᠤᠭᠠᠨ ᠤ ᠶᠠᠪᠤᠳᠠᠯ ᠪᠤᠯᠤᠨ ᠡᠳ᠋ ᠤᠨ ᠵᠠᠰᠠᠭ ᠤᠨ ᠲᠠᠯ᠎ᠠ ᠪᠠᠷ ᠦᠷᠭᠦᠯᠵᠢᠯᠡᠬᠦ ᠴᠢᠨᠠᠷ ᠢ ᠪᠠᠳᠤᠯᠠᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠳᠤ᠂ ᠵᠠᠩᠭᠢᠯᠠᠭ᠎ᠠ ᠨᠢ ᠬᠤᠯᠪᠤᠯᠳᠤᠨ ᠨᠡᠪᠳᠡᠷᠡᠯᠴᠡᠬᠦ ᠳᠤ ᠪᠠᠶᠢᠨ᠎ᠠ᠃ ᠪᠢᠳᠡ ᠪᠦᠬᠦ ᠳᠡᠯᠡᠬᠡᠢ ᠶᠢᠨ ᠬᠤᠯᠪᠤᠯᠳᠤᠨ ᠨᠡᠪᠳᠡᠷᠡᠯᠴᠡᠭᠰᠡᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠳᠦ ᠶᠢᠨ ᠬᠦᠭᠵᠢᠯ ᠴᠡᠴᠡᠭᠯᠡᠯ ᠢ ᠪᠡᠶᠡᠯᠡᠭᠦᠯᠪᠡᠯ ᠵᠤᠬᠢᠨ᠎ᠠ᠃ ᠳᠤᠮᠳᠠᠳᠤ ᠤᠯᠤᠰ ᠡᠯ᠎ᠠ ᠲᠠᠯ᠎ᠠ ᠶᠢᠨ ᠬᠢᠨ ᠲᠠᠢ ᠬᠠᠮᠳᠦ ᠪᠠᠷ ᠦᠷᠭᠦᠯᠵᠢᠯᠡᠨ ᠴᠢᠷᠮᠠᠶᠢᠵᠤ᠂ ᠰᠢᠨ᠎ᠠ ᠠᠽᠢᠶ᠎ᠠ ᠡᠸᠦ᠋ᠷᠦᠫᠠ ᠶᠢᠨ ᠡᠬᠡ ᠬᠠᠭᠤᠷᠠᠢ ᠶᠢᠨ ᠬᠦᠭᠦᠷᠭᠡ ᠵᠡᠷᠭᠡ ᠠᠵᠤ ᠠᠬᠤᠢ ᠶᠢᠨ ᠬᠤᠩᠭᠢᠯ ᠢᠶᠠᠷ ᠬᠦᠳᠦᠯᠦᠮᠵᠢ ᠪᠤᠯᠭᠠᠭᠰᠠᠨ᠂ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠦ ᠲᠡᠷᠭᠡ᠂ ᠡᠬᠡ ᠬᠠᠭᠤᠷᠠᠢ ᠪᠠ ᠳᠠᠯᠠᠢ ᠲᠠᠩᠭᠢᠰ ᠤᠨ ᠰᠢᠨ᠎ᠠ ᠵᠠᠮ ᠵᠡᠷᠭᠡ ᠲᠤᠮᠤ ᠵᠠᠮ ᠨᠡᠪᠳᠡᠷᠡᠯᠭᠡ ᠪᠤᠯᠤᠨ ᠮᠡᠳᠡᠭᠡ ᠵᠠᠩᠭᠢ ᠶᠢᠨ ᠲᠦᠷᠭᠡᠨ ᠤ ᠵᠠᠮ ᠢᠶᠠᠷ ᠨᠢᠷᠤᠭᠤᠪᠴᠢ ᠪᠤᠯᠭᠠᠭᠰᠠᠨ᠂ ᠲᠡᠮᠦᠷ ᠵᠠᠮ᠂ ᠭᠠᠷᠠᠮ᠂ ᠬᠤᠭᠤᠯᠠᠢ ᠶᠢᠨ ᠲᠤᠤᠷ ᠵᠡᠷᠭᠡ ᠪᠠᠷ ᠲᠦᠰᠢᠭ ᠪᠤᠯᠭᠠᠭᠰᠠᠨ ᠬᠤᠯᠪᠤᠯᠳᠤᠨ ᠨᠡᠪᠳᠡᠷᠡᠯᠴᠡᠬᠦ ᠲᠤᠤᠷ ᠢ ᠪᠦᠲᠦᠭᠡᠨ ᠪᠠᠶᠢᠭᠤᠯᠤᠨ᠎ᠠ᠃ ᠪᠢᠳᠡ ᠤᠯᠠᠨ ᠲᠠᠯᠠᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠤᠯᠤᠨ ᠡᠯ᠎ᠠ ᠤᠯᠤᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠳᠤ ᠪᠡᠯᠡ ᠤᠷᠤᠭᠤᠯᠵᠤ ᠪᠡᠯᠡ ᠬᠤᠷᠠᠮᠳᠤᠭᠤᠯᠬᠤ ᠳᠤ ᠤᠷᠤᠯᠴᠠᠬᠤ ᠶᠢ ᠪᠠᠶᠠᠷᠯᠠᠨ ᠤᠭᠳᠤᠵᠤ᠂ ᠤᠯᠠᠨ ᠲᠠᠯ᠎ᠠ ᠶᠢᠨ ᠤᠷᠤᠯᠴᠠᠯᠭ᠎ᠠ ᠪᠠᠷ ᠳᠠᠮᠵᠢᠭᠤᠯᠵᠤ ᠬᠠᠮᠳᠦ ᠪᠠᠷ ᠠᠰᠢᠭ ᠬᠦᠷᠳᠡᠬᠦ ᠬᠠᠷᠠᠯᠳᠠ ᠶᠢ ᠪᠡᠶᠡᠯᠡᠭᠦᠯᠦᠨ᠎ᠠ᠃ ᠪᠢᠳᠡ ᠠᠷᠠᠯᠵᠢᠶ᠎ᠠ ᠪᠠ ᠪᠡᠯᠡ ᠤᠷᠤᠭᠤᠯᠤᠯᠳᠠ ᠶᠢᠨ ᠴᠢᠯᠦᠭᠡᠵᠢᠯᠳᠡ ᠳᠦᠭᠦᠮᠴᠢᠯᠡᠯᠳᠡ ᠶᠢ ᠠᠬᠢᠭᠤᠯᠵᠤ᠂ ᠲᠤᠭ ᠳᠡᠮᠳᠡᠭ ᠳᠤᠳᠤᠷᠬᠠᠢ ᠪᠠᠷ ᠬᠠᠮᠠᠭᠠᠯᠠᠬᠤ ᠦᠵᠡᠯ ᠢ ᠡᠰᠡᠷᠭᠦᠴᠡᠵᠤ᠂ ᠠᠵᠤ ᠠᠬᠤᠢ ᠶᠢᠨ ᠳᠡᠯᠡᠬᠡᠶᠢᠵᠢᠯᠳᠡ ᠶᠢ ᠨᠡᠩ ᠨᠡᠬᠡᠬᠡᠯᠳᠠᠳᠠᠢ᠂ ᠪᠠᠭᠳᠠᠭᠠᠮᠵᠢᠳᠠᠢ᠂ ᠲᠦᠭᠡᠮᠡᠯ ᠠᠰᠢᠭ ᠬᠦᠷᠳᠡᠭᠡᠬᠦ᠂ ᠲᠡᠩᠴᠡᠭᠦᠷᠢᠳᠠᠢ᠂ ᠬᠠᠮᠳᠦ ᠪᠠᠷ ᠠᠰᠢᠭ ᠬᠦᠷᠳᠡᠬᠦ ᠴᠢᠭᠯᠡᠯ ᠢᠶᠠᠷ ᠬᠦᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠡᠨᠡ ᠵᠢᠯ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠠᠩ ᠤᠨ ᠴᠤᠭᠯᠠᠭᠠᠨ ᠢ ᠡᠷᠬᠢᠯᠠᠵᠤ᠂ ᠡᠯ᠎ᠠ ᠲᠠᠯ᠎ᠠ ᠶᠢᠨ ᠬᠢᠨ ᠤ ᠳᠤᠮᠳᠠᠳᠤ ᠤᠯᠤᠰ ᠤᠨ ᠵᠠᠬ᠎ᠠ ᠲᠡᠯᠬᠡᠬᠦᠷ ᠲᠤ ᠤᠷᠤᠬᠤ ᠳᠤ ᠨᠡᠩ ᠦᠷᠬᠡᠨ ᠠᠭᠤᠵᠢᠮ ᠲᠠᠪᠴᠠᠩ ᠬᠠᠩᠭᠠᠨ᠎ᠠ᠃ ᠪᠢᠳᠠ ᠲᠦᠷᠪᠡᠳᠤᠭᠡᠷ ᠤᠳᠠᠭ᠎ᠠ ᠶᠢᠨ ᠠᠵᠤ ᠤᠶᠢᠯᠡᠳᠪᠤᠷᠢ ᠶᠢᠨ ᠬᠤᠪᠢᠰᠬᠠᠯ ᠤᠨ ᠬᠦᠭᠵᠢᠯᠳᠠ ᠶᠢᠨ ᠬᠠᠨᠳᠤᠰᠢ ᠶᠢ ᠠᠶᠡᠳᠡᠨ ᠲᠠᠭᠠᠵᠤ᠂ ᠨᠡᠮᠡᠭᠳᠡᠯ ᠤᠨ ᠰᠢᠨ᠎ᠠ ᠬᠦᠳᠡᠯᠬᠡᠬᠦ ᠡᠨᠧᠷᠬᠢ ᠪᠤᠯᠤᠨ ᠬᠦᠭᠵᠢᠯᠳᠠ ᠶᠢᠨ ᠠᠷᠭ᠎ᠠ ᠵᠠᠮ ᠢ ᠡᠷᠢᠯᠬᠢᠯᠠᠵᠤ᠂ ᠲᠤᠭᠠᠴᠢᠯᠠᠬᠰᠠᠨ ᠲᠤᠷᠭᠠᠨ ᠵᠠᠮ᠂ ᠰᠢᠨ᠎ᠠ ᠶᠢ ᠡᠬᠦᠳᠬᠦ ᠲᠤᠷᠭᠠᠨ ᠵᠠᠮ ᠶᠢ ᠪᠦᠳᠤᠬᠡᠨ ᠪᠠᠶᠢᠭᠤᠯᠵᠦ᠂ ᠳᠤᠮᠳᠠᠳᠤ ᠤᠯᠤᠰ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ ᠪᠠᠶᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠠᠵᠢᠯᠯᠠᠭᠠᠨ ᠤ ᠲᠦᠯᠤᠪᠯᠡᠭᠡ ᠶᠢ ᠦᠷᠬᠦᠯᠵᠢᠯᠡᠨ ᠭᠡᠷᠡᠭᠵᠢᠬᠦᠯᠦᠨ᠎ᠠ᠃ ᠪᠢᠳᠠ ᠤᠯᠤᠰ ᠤᠨ ᠬᠤᠭᠤᠷᠤᠨᠳᠤᠬᠢ ᠬᠦᠭᠵᠢᠯᠳᠠ ᠬᠠᠮᠳᠤᠷᠠᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠬᠦᠭᠵᠢᠵᠤ ᠪᠠᠶᠢᠭ᠎ᠠ ᠤᠯᠤᠰ ᠤᠳ ᠲᠤ ᠨᠡᠩ ᠤᠯᠠᠨ ᠬᠦᠭᠵᠢᠯᠳᠠ ᠶᠢᠨ ᠠᠵᠠ ᠲᠤᠬᠢᠶᠠᠯ ᠪᠤᠯᠤᠨ ᠤᠷᠤᠨ ᠵᠠᠢ ᠬᠠᠨᠭ᠍ᠭᠠᠵᠤ᠂ ᠲᠡᠳᠡᠨ ᠢ ᠬᠠᠪᠰᠤᠷᠤᠨ ᠶᠠᠳᠠᠭᠤ ᠬᠦᠴᠢᠷᠳᠠᠯ ᠠᠴᠠ ᠠᠩᠬᠢᠵᠢᠷᠠᠭᠤᠯᠵᠤ᠂ ᠦᠷᠬᠦᠯᠵᠢᠯᠡᠬᠦ ᠬᠦᠭᠵᠢᠯᠳᠠ ᠶᠢ ᠪᠡᠶᠡᠯᠡᠬᠦᠯᠵᠤ ᠦᠭᠬᠦᠨ᠎ᠠ᠃ ᠪᠢᠳᠠ ᠠᠳᠠᠯᠢ ᠪᠤᠰᠤ ᠪᠤᠯᠪᠠᠰᠤᠨ ᠤ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠬᠤ ᠬᠦᠬᠦᠷᠬᠡ ᠶᠢ ᠢᠳᠡᠪᠬᠢᠳᠠᠢ ᠪᠤᠰᠬᠠᠵᠤ᠂ ᠡᠯ᠎ᠠ ᠬᠦᠷᠢᠶᠠᠨ ᠤ ᠰᠤᠶᠤᠯ ᠢᠷᠬᠡᠨᠰᠢᠯ ᠤᠨ ᠬᠠᠮᠳᠤᠷᠠᠯᠴᠠᠭ᠎ᠠ ᠶᠢ ᠬᠦᠨᠵᠡᠬᠡᠢ ᠦᠷᠨᠢᠬᠦᠯᠵᠤ᠂ ᠤᠯᠠᠨ ᠡᠰᠢ ᠪᠠᠷ ᠲᠠᠶᠢᠴᠢᠯᠠᠬᠰᠠᠨ ᠰᠤᠶᠤᠯ ᠢᠷᠬᠡᠨᠰᠢᠯ ᠤᠨ ᠰᠤᠯᠢᠯᠴᠠᠭᠠᠨ ᠤ ᠪᠠᠶᠢᠷᠢᠰᠢᠯ ᠢ ᠪᠦᠷᠢᠯᠳᠤᠬᠦᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号