ᠤᠯᠠᠭᠠᠨᠲᠣᠯᠤᠭᠠᠢ ᠪᠠᠯᠭᠠᠰᠤᠨ ᠤ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠶᠠᠳᠠᠭᠤ ᠠᠴᠠ ᠪᠠᠨ ᠠᠩᠭᠢᠵᠢᠷᠠᠨ ᠪᠠᠶᠠᠵᠢᠨ ᠴᠢᠨᠡᠬᠡᠯᠢᠭᠵᠢᠬᠦ ᠪᠠᠷ ᠴᠢᠷᠮᠠᠶᠢᠨ ᠠᠵᠢᠯᠯᠠᠵᠦ ᠪᠠᠶᠢᠨ᠎ᠠ
ᠨᠡᠶᠢᠲᠡᠯᠡᠭᠰᠡᠨ ᠴᠠᠭ᠄
2019-04-08
     ᠵᠢᠯ ᠤᠨ ᠠᠵᠢᠯ ᠬᠠᠪᠤᠷ ᠲᠤ ᠪᠠᠨ ᠭᠡᠳᠡᠭᠴᠢᠯᠡᠨ ᠤᠯᠠᠭᠠᠨᠲᠣᠯᠤᠭᠠᠢ ᠪᠠᠯᠭᠠᠰᠤᠨ ᠤ ᠪᠠᠶᠠᠨ᠋ᠣ᠋ᠪᠤᠭ᠎ᠠ ᠭᠠᠴᠠᠭᠠᠨ ᠤ ᠮᠠᠯᠴᠢᠨ ᠡᠷᠳᠡᠨᠢᠴᠤᠭᠲᠣ ᠣᠷᠴᠢᠮ ᠬᠠᠪᠤᠷ ᠤᠨ ᠲᠠᠷᠢᠶᠠᠯᠠᠭ᠎ᠠ ᠳᠤ ᠪᠠᠨ ᠪᠡᠯᠡᠳᠬᠡᠨ ᠪᠦᠰᠡᠭᠦᠢ ᠲᠠᠢ ᠪᠠᠨ ᠦᠷᠯᠦᠭᠡ ᠡᠷᠲᠡᠯᠡᠨ ᠲᠠᠷᠢᠶᠠᠨ ᠭᠠᠵᠠᠷ ᠲᠤ ᠪᠠᠨ ᠪᠣᠷᠳᠣᠭᠤᠷ ᠣᠷᠣᠭᠤᠯᠵᠤ ᠶᠠᠭᠠᠷᠠᠨ᠎ᠠ᠃ ᠲᠦᠯ ᠤᠨ ᠳᠠᠭᠤᠨ ᠢᠶᠠᠨ ᠴᠢᠩᠨᠠᠨ ᠠᠵᠢᠯ ᠬᠦᠳᠡᠯᠮᠦᠷᠢ ᠳᠤ ᠪᠠᠨ ᠭᠠᠪᠰᠢᠭᠠᠶᠢᠯᠠᠵᠦ ᠪᠠᠶᠢᠭ᠎ᠠ ᠲᠡᠲᠡᠨ ᠤ ᠴᠢᠷᠠᠢ ᠳᠤ ᠰᠢᠨ᠎ᠡ ᠠᠮᠢᠳᠤᠷᠠᠯ ᠤᠨ ᠵᠢᠷᠭᠠᠯᠲᠤ ᠮᠦᠰᠢᠶᠡᠳᠦ ᠳᠣᠳᠣᠷᠠᠨ᠎ᠠ᠃      ᠡᠷᠳᠡᠨᠢᠴᠣᠭᠲᠤ ᠶᠢᠨ ᠬᠢ ᠪᠣᠯ ᠶᠠᠳᠠᠭᠤ ᠬᠦᠴᠢᠷᠳᠡᠯᠲᠠᠢ ᠡᠷᠦᠬᠡ ᠶᠤᠮ᠃ 2018 ᠣᠨ ᠳᠤ ᠵᠠᠰᠠᠭ ᠤᠨ ᠣᠷᠳᠣᠨ ᠠᠴᠠ ᠡᠳᠡᠨ ᠤ ᠬᠢᠨ ᠢ ᠠᠵᠤ ᠦᠢᠯᠡᠰ᠂ ᠠᠵᠢᠯ ᠣᠯᠭᠤᠯᠲᠠ ᠪᠠᠷ ᠶᠠᠳᠠᠭᠤ ᠶᠢ ᠳᠡᠳᠬᠦᠬᠦ ᠪᠠᠷ ᠳᠠᠮᠵᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠨᠢ ᠲᠦᠬᠦᠭᠡᠷᠵᠢᠬᠦᠯᠦᠨ ᠲᠦᠯᠵᠢᠬᠦ ᠬᠤᠨᠢ᠂ ᠰᠠᠭᠠᠯᠢ ᠶᠢᠨ ᠦᠨᠢᠶ᠎ᠡ ᠬᠤᠪᠢᠶᠠᠬᠤ ᠶᠢᠨ ᠬᠠᠮᠲᠤ ᠡᠷᠳᠡᠨᠢᠴᠣᠭᠲᠤ ᠶᠢ ᠤᠯᠠᠭᠠᠨᠲᠣᠯᠤᠭᠠᠢ ᠪᠠᠯᠭᠠᠰᠤᠨ ᠤ ᠵᠠᠭᠡᠯᠢ ᠴᠡᠪᠡᠷᠯᠡᠭᠴᠢ ᠶᠢᠨ ᠠᠵᠢᠯᠴᠢᠨ ᠢᠶᠠᠷ ᠡᠯᠰᠡᠨ ᠠᠵᠢᠯᠯᠠᠭᠤᠯᠵᠦ ᠪᠦᠬᠦ ᠭᠡᠷ ᠢᠶᠠᠷ ᠢᠶᠠᠨ ᠴᠢᠷᠮᠠᠶᠢᠨ ᠠᠵᠢᠯᠯᠠᠭᠰᠠᠨ ᠠᠴᠠ ᠨᠢᠳᠤᠨᠤᠨ ᠵᠢᠯ ᠤᠨ ᠣᠷᠣᠯᠭ᠎ᠠ ᠨᠢ ᠳᠦᠷᠪᠡᠨ ᠲᠦᠮᠡᠨ ᠲᠦᠭᠦᠷᠢᠭ ᠢ ᠳᠠᠪᠠᠵᠤ ᠶᠠᠳᠠᠭᠤ ᠠᠴᠠ ᠪᠠᠨ ᠠᠩᠭᠢᠵᠢᠷᠠᠭᠰᠠᠨ ᠪᠠᠶᠢᠨ᠎ᠠ᠃      ᠮᠠᠯᠴᠢᠨ ᠡᠷᠳᠡᠨᠢᠴᠤᠭᠲᠣ᠄ ︽ᠳᠡᠭᠡᠷ᠎ᠡ ᠵᠢᠯ ᠨᠠᠮ ᠵᠠᠰᠠᠭ ᠠᠴᠠ ᠨᠠᠳᠠ ᠳᠤ ᠴᠠᠬᠢᠯᠭᠠᠨ ᠳᠠᠳᠠᠵᠦ ᠭᠤᠷᠪᠠᠨ ᠬᠦᠷᠳᠦᠲᠦ ᠮᠣᠲ᠋ᠣᠷ ᠠᠪᠴᠤ ᠦᠭᠭᠦᠨ ᠪᠠᠰᠠ ᠨᠢᠭᠡ ᠪᠦᠯᠦᠭ ᠤᠰᠤᠨ ᠭᠠᠵᠠᠷ ᠭᠠᠷᠭᠠᠵᠦ ᠦᠭᠭᠦᠭᠰᠡᠨ ᠶᠤᠮ᠃ ᠪᠢ ᠴᠤ ᠦᠪᠡᠷ ᠢᠶᠠᠨ ᠴᠢᠷᠮᠠᠶᠢᠬᠤ ᠵᠣᠷᠢᠭ ᠲᠠᠢ ᠪᠣᠯᠤᠯ᠎ᠠ᠃ ᠡᠨᠡ ᠵᠢᠯ ᠮᠢᠨᠤ ᠲᠦᠯ ᠮᠠᠯ ᠲᠣᠩ ᠰᠠᠶᠢᠨ᠂ ᠣᠳᠣ ᠪᠣᠯᠲᠠᠯ᠎ᠠ ᠪᠠᠷᠤᠭ ᠬᠤᠷᠢ ᠭᠠᠷᠤᠢ ᠲᠦᠯ ᠲᠤᠰᠴᠢᠬᠠᠯ᠎ᠠ᠃ ᠡᠨᠡ ᠵᠢᠯ ᠤᠨ ᠲᠦᠯ ᠪᠣᠯᠣᠨ ᠡᠷᠳᠡᠨᠢ ᠰᠢᠰᠢ ᠶᠢᠨ ᠣᠷᠣᠯᠭ᠎ᠠ ᠲᠡᠭᠡᠷ᠎ᠡ ᠵᠢᠯ ᠤᠨ ᠬᠢ ᠠᠴᠠ ᠬᠡᠳᠦ ᠳᠠᠬᠢᠨ ᠢᠶᠠᠷ ᠨᠡᠮᠡᠭᠳᠡᠬᠦ ᠶᠤᠮ ᠪᠠᠶᠢᠨ᠎ᠠ︾ ᠬᠡᠵᠦ ᠲᠤᠩ ᠪᠠᠶᠠᠷᠲᠠᠢ ᠶᠠᠷᠢᠵᠦ ᠪᠠᠶᠢᠪᠠ᠃      ᠤᠯᠠᠭᠠᠨᠲᠣᠯᠤᠭᠠᠢ ᠪᠠᠯᠭᠠᠰᠤᠨ ᠤ ᠢᠯᠠᠯᠳᠠ ᠳᠣᠰᠬᠤᠨ ᠤ ᠨᠠᠮ ᠤᠨ ᠡᠭᠦᠷ ᠤᠨ ᠱᠦᠵᠢ ᠯᠢ ᠰᠸᠢ ᠳᠣᠰᠬᠤᠨ  ᠤ ᠠᠷᠠᠳ ᠣᠯᠠᠨ ᠢᠶᠠᠨ ᠳᠠᠶᠢᠴᠢᠯᠠᠨ ᠨᠠᠮ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠶᠠᠳᠠᠭᠤ ᠶᠢ ᠳᠡᠳᠬᠦᠬᠦ᠂ ᠳᠣᠰᠬᠤᠨ ᠢᠶᠠᠨ ᠬᠦᠭᠵᠢᠭᠦᠯᠦᠨ ᠮᠠᠨᠳᠤᠭᠤᠯᠬᠤ ᠲᠠᠯ᠎ᠠ ᠪᠠᠷ ᠵᠦᠪᠳᠡᠯᠴᠡᠨ ᠳᠣᠰᠬᠤᠨ ᠤ ᠪᠠᠨ ᠬᠦᠭᠵᠢᠯᠲᠡ ᠳᠤ ᠢᠲᠡᠭᠡᠯ ᠳᠦᠭᠦᠷᠡᠩ ᠪᠣᠯᠤᠭᠰᠠᠨ ᠪᠠᠶᠢᠯ᠎ᠠ᠃ ᠡᠨᠡ ᠵᠢᠯ ᠠᠴᠠ ᠢᠯᠡᠯᠲᠡ ᠲᠤᠰᠬᠤᠨ ᠬᠦᠳᠡᠭᠡ ᠳᠣᠰᠬᠤᠨ ᠤ ᠦᠪᠡᠷᠮᠢᠴᠡ ᠤᠨᠴᠠᠯᠢᠭᠲᠤ ᠵᠤᠭᠠᠴᠠᠯ ᠤᠨ ᠦᠢᠯᠡᠰ ᠢ ᠬᠦᠭᠵᠢᠭᠦᠯᠵᠦ ᠦᠵᠡᠰᠬᠦᠯᠡᠩᠲᠦ ᠰᠠᠶᠢᠬᠠᠨ ᠬᠦᠳᠡᠭᠡ ᠳᠣᠰᠬᠤᠨ ᠢ ᠪᠦᠲᠦᠭᠡᠨ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃      ᠤᠯᠠᠭᠠᠨᠲᠣᠯᠤᠭᠠᠢ ᠪᠠᠯᠭᠠᠰᠤ ᠦᠭᠡᠷᠡᠴᠢᠯᠡᠯᠲᠠ ᠪᠠᠨ ᠭᠦᠨᠵᠡᠭᠡᠶᠢᠷᠡᠭᠦᠯᠦᠨ ᠮᠠᠯ ᠲᠠᠷᠢᠶᠠᠯᠠᠩ ᠤᠨ ᠰᠢᠨ᠎ᠡ ᠮᠡᠷᠭᠡᠵᠢᠯ ᠢ ᠲᠦᠭᠡᠮᠡᠯᠵᠢᠭᠦᠯᠦᠨ ᠰᠢᠯᠢᠳᠡᠭ ᠡᠭᠦᠯᠳᠡᠷ ᠤᠨ ᠦᠭᠡᠷ᠂ ᠣᠷᠳᠣᠰ ᠨᠠᠷᠢᠨ ᠨᠣᠣᠰᠤᠲᠤ ᠬᠤᠨᠢ ᠵᠡᠷᠭᠡ ᠶᠢ ᠬᠦᠭᠵᠢᠬᠦᠯᠦᠨ ᠬᠦᠳᠡᠭᠡ ᠳᠣᠰᠬᠤᠨ ᠤ ᠥᠪᠡᠷᠮᠢᠴᠡ ᠤᠨᠴᠠᠯᠢᠭᠲᠤ ᠵᠤᠭᠠᠴᠠᠯ ᠤᠨ ᠦᠢᠯᠡᠰ ᠢᠶᠠᠷ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠨ ᠶᠠᠳᠠᠭᠤ ᠬᠦᠴᠢᠷᠳᠡᠯᠲᠠᠢ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠬᠤ ᠶᠢ ᠳᠡᠮᠵᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号