ᠣᠶᠢᠷ᠎ᠠ ᠶᠢᠨ ᠡᠳᠣᠷ᠂ ᠰᠦᠯᠳᠡ ᠰᠤᠮᠤᠨ ᠤ ᠲᠤᠯᠢ ᠭᠠᠴᠠᠭᠠᠨ ᠤ ᠡᠮᠡᠭᠳᠡᠶᠢᠴᠣᠣᠨ ᠤᠨ ᠬᠤᠯᠪᠣᠭ᠎ᠠ | ᠠᠩᠬᠠᠳᠣᠭᠠᠷ ᠣᠳᠠᠭᠠᠨ ᠤ ᠰᠢᠨ᠎ᠡ ᠮᠠᠶ᠋ᠢᠭ ᠤᠨ ᠴᠠᠭᠠᠨ ᠢᠳᠡᠭᠡᠨ ᠤ ᠪᠦᠳᠤᠭᠡᠭᠲᠡᠬᠦᠨ ᠢ ᠦᠢᠯᠡᠳᠬᠦ ᠮᠡᠷᠭᠡᠵᠢᠯ ᠤᠨ | ᠪᠤᠯᠪᠠᠰᠤᠷᠠᠯ ᠢ ᠡᠷᠬᠢᠯᠡᠵᠣ ᠮᠠᠯᠴᠢᠨ ᠪᠦᠰᠡᠬᠦᠶᠢᠴᠣᠣᠨ ᠤᠨ ᠣᠷᠣᠯᠭ᠎ᠠ ᠶᠢ ᠨᠡᠮᠡᠭᠳᠡᠭᠦᠯᠭᠦ ᠠᠷᠭ᠎ᠠ ᠵᠠᠮ ᠢ | ᠰᠦᠪᠡᠭᠴᠢᠯᠠᠵᠣ ᠪᠡᠶᠢᠨ᠎ᠠ᠃ | ᠮᠣᠩᠭᠤᠯ ᠦᠨᠳᠣᠰᠣᠳᠡᠨ ᠤ ᠣᠯᠠᠮᠵᠢᠯᠠᠯᠳᠣ ᠴᠠᠭᠠᠨ ᠢᠳᠡᠭᠡᠨ ᠢ ᠬᠦᠭᠵᠢᠨ ᠬᠤᠪᠢᠷᠠᠵᠣ ᠪᠡᠶᠢᠭ᠎ᠠ ᠵᠠᠬ᠎ᠠ | ᠳᠡᠯᠭᠡᠭᠦᠷ ᠲᠠᠢ ᠵᠣᠬᠢᠴᠠᠭᠤᠯᠣᠭᠰᠠᠨ ᠴᠠᠭᠠᠨ ᠢᠳᠡᠭᠡᠨ ᠤ ᠰᠢᠨ᠎ᠠ ᠪᠦᠳᠣᠭᠡᠭᠳᠡᠬᠦᠨ ᠢ ᠰᠦᠪᠡᠭᠴᠢᠯᠡᠨ ᠭᠠᠷᠭᠠᠵᠣ | ᠮᠠᠯᠴᠢᠳ ᠤᠨ ᠠᠰᠢᠭ ᠣᠷᠣᠯᠭ᠎ᠠ ᠶᠢ ᠨᠡᠮᠡᠭᠳᠡᠬᠦᠯᠬᠦ ᠶᠢᠨ ᠲᠦᠯᠤᠭᠡ ᠰᠦᠯᠳᠡ ᠰᠤᠮᠤᠨ ᠤ ᠲᠤᠯᠢ ᠭᠠᠴᠠᠭ᠎ᠠ ᠡᠨ᠋ᠨ | ᠣᠳᠠᠭᠠᠨ ᠤ ᠪᠣᠯᠪᠠᠰᠣᠷᠠᠯ ᠢ ᠦᠨ᠎ᠡ ᠲᠦᠯᠤᠪᠤᠷᠢ ᠦᠬᠡᠢ ᠪᠠᠷ ᠡᠷᠬᠢᠯᠡᠵᠣ ᠳᠣᠰᠬᠠᠢ ᠮᠡᠷᠭᠡᠵᠢᠯᠳᠡᠨ ᠪᠠᠭᠰᠢ ᠤᠷᠢᠵᠦ | ᠮᠠᠯ ᠤᠨ ᠰᠦ ᠰᠠᠭᠠᠯᠢ ᠶᠢ ᠤᠯᠠᠨ ᠵᠦᠢᠯ ᠤᠨ ᠠᠷᠭ᠎ᠠ ᠪᠠᠷᠢᠯ ᠢᠶᠠᠷ ᠪᠤᠯᠪᠠᠰᠤᠷᠠᠭᠤᠯᠬᠤ ᠰᠢᠨ᠎ᠡ ᠠᠷᠭ᠎ᠠ ᠮᠡᠷᠭᠡᠵᠢᠯ ᠢ | ᠵᠢᠭᠠᠨ ᠵᠢᠯᠣᠭᠤᠳᠣᠭᠤᠯᠵᠦ ᠮᠠᠯᠴᠢᠨ ᠪᠦᠰᠡᠭᠦᠶᠢᠴᠣᠣᠨ ᠶᠡᠬᠡᠳᠡ ᠳᠠᠭᠠᠰᠢᠶᠠᠵᠣ ᠪᠠᠶᠢᠪᠠ᠃ | ᠮᠠᠯᠴᠢᠨ ᠬᠠᠰᠲᠤᠶᠠᠭ᠎ᠠ᠄ ︽ᠴᠠᠭᠠᠨ ᠢᠳᠡᠭᠡᠨ ᠤ ᠵᠠᠬ᠎ᠠ ᠳᠡᠯᠭᠡᠬᠦᠷ ᠤᠨ ᠪᠠᠶᠢᠳᠠᠯ ᠠᠴᠠ ᠠᠪᠴᠤ ᠬᠡᠯᠡᠪᠡᠯ | ᠤᠳᠤᠬᠠᠨ ᠳᠤ ᠴᠠᠭᠠᠨ ᠢᠳᠡᠭᠡᠨ ᠤ ᠵᠠᠬ᠎ᠠ ᠳᠡᠯᠭᠡᠬᠦᠷ ᠨᠡᠶᠢᠳᠡᠮ ᠳᠤ ᠪᠠᠨ ᠲᠤᠩ ᠢᠪᠴᠠᠭᠤᠬᠠᠨ᠂ ᠪᠢᠳᠠ ᠦᠪᠡᠷ | ᠤᠨ ᠢᠶᠠᠨ ᠬᠢᠭᠰᠡᠨ ᠴᠠᠭᠠᠨ ᠢᠳᠡᠭᠡᠨ ᠢ ᠵᠦᠪᠬᠡᠨ ᠬᠤᠷᠢᠮ ᠨᠠᠶᠢᠷ ᠲᠤ ᠪᠡᠯᠡᠭ ᠰᠡᠯᠳᠡ ᠪᠤᠯᠭᠠᠬᠤ ᠪᠤᠶᠤ ᠡᠳᠦᠷ | ᠲᠤᠳᠤᠮ ᠤᠨ ᠦᠪᠡᠷ ᠤᠨ ᠢᠶᠠᠨ ᠠᠮᠢᠳᠤᠷᠠᠯ ᠳᠤ ᠬᠡᠷᠡᠭᠯᠡᠵᠦ ᠪᠠᠶᠢᠨ᠎ᠠ᠃ ᠡᠨᠡ ᠤᠳᠠᠭᠠᠨ ᠤ ᠰᠤᠷᠤᠯᠴᠠᠯᠭ᠎ᠠ ᠠᠴᠠ | ᠠᠪᠴᠤ ᠦᠵᠡᠪᠡᠯ ᠪᠢᠳᠠ ᠪᠦᠬᠦᠨ ᠴᠢᠷᠮᠠᠶᠢᠵᠦ ᠪᠠᠶᠢᠭᠠᠳ ᠴᠠᠭᠠᠨ ᠢᠳᠡᠭᠡᠨ ᠤ ᠰᠢᠨ᠎ᠡ ᠪᠦᠲᠦᠭᠡᠭᠳᠡᠬᠦᠨ ᠢ ᠤᠯᠠᠨ | ᠬᠢᠵᠦ ᠵᠠᠬ᠎ᠠ ᠳᠡᠯᠭᠡᠬᠦᠷ ᠢᠶᠠᠨ ᠤᠯᠠᠮ ᠦᠷᠭᠡᠵᠢᠬᠦᠯᠵᠦ ᠲᠡᠯᠬᠡᠷᠡᠬᠦᠯᠬᠦ ᠪᠠᠷ ᠴᠢᠷᠮᠠᠶᠢᠬᠤ ᠴᠢᠬᠤᠯᠠᠲᠠᠢ ᠪᠠᠶᠢᠨ᠎ᠠ︾ ᠬᠡᠵᠦ | ᠶᠠᠷᠢᠵᠦ ᠪᠠᠶᠢᠪᠠ᠃ | ᠬᠤᠷᠤᠳ᠂ ᠰᠢᠷ᠎ᠠ ᠲᠤᠰᠤ᠂ ᠦᠷᠤᠮ᠎ᠠ ᠵᠡᠷᠭᠡ ᠪᠣᠯ ᠮᠠᠯᠴᠢᠳ ᠤᠨ ᠰᠦ ᠰᠠᠭᠠᠯᠢ ᠶᠢᠨ ᠤᠯᠠᠮᠵᠢᠯᠠᠯᠳᠤ ᠴᠠᠭᠠᠨ | ᠢᠳᠡᠬᠡᠨ ᠤ ᠪᠦᠳᠤᠭᠡᠭᠲᠡᠬᠦᠨ ᠪᠣᠯᠣᠨ᠎ᠠ᠃ ᠬᠡᠬᠦ ᠳᠤ ᠪᠠᠨ ᠡᠨᠡ ᠤᠳᠠᠭᠠᠨ ᠤ ᠪᠤᠯᠪᠠᠰᠤᠷᠠᠯ ᠢᠶᠠᠷ ᠳᠠᠮᠵᠢᠨ ᠮᠠᠯ ᠤᠨ | ᠰᠦ ᠰᠠᠭᠠᠯᠢ ᠪᠠᠷ ᠨᠢᠭᠤᠷ ᠤᠬᠢᠶᠠᠬᠤ ᠰᠠᠪᠤᠩ᠂ ᠠᠮᠤ ᠲᠠᠢ ᠰᠢᠬᠡᠷ᠂ ᠴᠠᠭᠠᠨ ᠢᠳᠡᠭᠡᠨ ᠤ ᠤᠮᠳᠠᠭᠠᠨ ᠵᠡᠷᠭᠡ ᠰᠢᠨ᠎ᠡ | ᠮᠠᠶ᠋ᠢᠭ ᠤᠨ ᠪᠦᠳᠣᠭᠡᠭᠳᠡᠬᠦᠨ ᠢ ᠣᠶᠢᠯᠠᠣᠪᠣᠷᠢᠯᠠᠵᠣ ᠣᠯᠠᠨ ᠳᠦᠮᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ | ᠪᠣᠬᠢᠷᠳᠣᠯ ᠦᠬᠡᠢ ᠴᠠᠭᠠᠨ ᠢᠳᠡᠬᠡᠨ ᠤ ᠪᠦᠳᠣᠭᠡᠭᠳᠡᠬᠦᠨ ᠢᠶᠠᠷ ᠵᠠᠬ᠎ᠠ ᠳᠡᠯᠭᠡᠬᠦᠷ ᠤᠨ ᠤᠷᠤᠨ ᠵᠠᠢ ᠣᠯᠵᠣ ᠣᠷᠣᠯᠭ᠎ᠠ | ᠪᠠᠨ ᠨᠡᠮᠡᠭᠳᠡᠬᠦᠯᠬᠦ ᠪᠣᠯᠣᠮᠵᠢ ᠶᠡᠬᠡᠪᠡᠷ ᠨᠡᠮᠡᠭᠳᠡᠭᠰᠡᠨ ᠪᠠᠶᠢᠨ᠎ᠠ᠃ | ᠰᠦᠯᠳᠡ ᠰᠤᠮᠤᠨ ᠤ ᠳᠤᠯᠢ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠨ ᠤ ᠲᠡᠷᠢᠬᠦᠯᠡᠭᠴᠢ ᠤᠷᠢᠬᠠᠨ᠄ | ︽ᠭᠠᠴᠠᠭᠠᠨ ᠤ ᠪᠠᠨ ᠡᠮᠡᠭᠳᠡᠶᠢᠴᠤᠳ ᠢ ᠲᠠᠶᠢᠴᠢᠯᠠᠭᠠᠳ ᠶᠠᠳᠠᠭᠤ ᠠᠴᠠ ᠠᠩᠬᠢᠵᠢᠷᠠᠬᠤ ᠠᠵᠢᠯ ᠳᠤ ᠭᠠᠪᠰᠢᠭᠠᠯᠠᠬᠤ | ᠦᠢᠯᠡᠳᠦᠯ ᠦᠵᠡᠬᠦᠯᠬᠦ ᠡᠬᠦᠳᠡᠨ ᠠᠴᠠ ᠡᠨᠡᠬᠦ ᠠᠵᠢᠯᠯᠠᠭ᠎ᠠ ᠶᠢ ᠦᠷᠨᠢᠬᠦᠯᠪᠡ᠃ ᠡᠮᠡᠭᠳᠡᠶᠢᠴᠤᠳ ᠰᠦ ᠰᠠᠭᠠᠯᠢ ᠪᠠᠨ | ᠠᠰᠢᠭᠯᠠᠨ ᠤᠤᠯ ᠤᠨ ᠤᠯᠠᠮᠵᠢᠯᠠᠯᠲᠤ ᠠᠷᠭ᠎ᠠ ᠮᠠᠶ᠋ᠢᠭ ᠢᠶᠠᠷ ᠰᠦ ᠰᠠᠭᠠᠯᠢ ᠪᠠᠨ ᠪᠤᠷᠤᠯᠠᠭᠤᠯᠬᠤ ᠪᠢᠰᠢ ᠬᠠᠷᠢᠨ ᠰᠢᠨ᠎ᠡ | ᠨᠢᠬᠡᠨ ᠵᠦᠢᠯ ᠤᠨ ᠠᠷᠭ᠎ᠠ ᠮᠠᠶ᠋ᠢᠭ ᠢᠶᠠᠷ ᠰᠦ ᠰᠠᠭᠠᠯᠢ ᠴᠠᠭᠠᠨ ᠢᠳᠡᠭᠡ ᠪᠠᠨ ᠪᠤᠯᠪᠠᠰᠤᠷᠠᠭᠤᠯᠵᠤ ᠬᠠᠮᠤᠭ ᠨᠠᠭᠠᠲᠤ | ᠵᠠᠬ᠎ᠠ ᠳᠤ ᠪᠠᠨ ᠬᠡᠷ ᠤᠨ ᠬᠦᠮᠦᠰ ᠲᠤ ᠪᠠᠨ ᠪᠤᠬᠢᠷᠳᠤᠯ ᠦᠬᠡᠢ ᠢᠳᠡᠭᠡᠨ ᠤᠮᠳᠠᠭᠠᠨ ᠬᠠᠩᠭᠠᠬᠤ᠂ ᠴᠢᠨᠠᠭᠰᠢᠯᠠᠨ | ᠪᠦᠰᠡᠬᠦᠶᠢᠴᠤᠳ ᠴᠠᠭᠠᠨ ᠢᠳᠡᠭᠡ ᠪᠠᠨ ᠠᠰᠢᠭᠯᠠᠨ ᠵᠠᠬ᠎ᠠ ᠳᠡᠯᠭᠡᠬᠦᠷ ᠲᠤ ᠦᠪᠡᠷ ᠤᠨ ᠬᠡᠰᠡᠨ ᠴᠠᠭᠠᠨ ᠢᠳᠡᠭᠡᠨ | ᠤᠮᠳᠠᠭᠠᠨ ᠤ ᠪᠦᠳᠦᠬᠡᠭᠳᠡᠬᠦᠨ ᠤ ᠪᠠᠶᠢᠷᠢ ᠰᠠᠭᠤᠷᠢ ᠦᠴᠦᠬᠡᠨ ᠴᠦ ᠬᠡᠰᠡᠨ ᠳᠡᠭᠡᠭᠰᠢᠯᠡᠬᠦ ᠪᠤᠯᠤᠭᠠᠰᠠᠢ ᠭᠡᠵᠦ ᠬᠢᠭᠰᠡᠨ | ᠶᠤᠮ︾ ᠬᠡᠵᠦ ᠪᠠᠶᠢᠪᠠ᠃ |