ᠬᠠᠩᠰᠢ ᠶᠢᠨ ᠡᠳᠦᠷ ᠤᠨ ᠪᠤᠯᠪᠠᠰᠤᠨ ᠲᠠᠬᠢᠯᠭ᠎ᠠ ᠨᠢ ᠣᠯᠠᠨ ᠳᠠᠶᠠᠭᠠᠷ ᠤᠨ ᠬᠦᠷᠢᠶᠡᠯᠡᠯ ᠢ ᠤᠯᠵᠤ ᠪᠠᠶᠢᠨ᠎ᠠ
ᠨᠡᠶᠢᠲᠡᠯᠡᠭᠰᠡᠨ ᠴᠠᠭ᠄
2019-04-08
     ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ 4 ᠰᠠᠷ᠎ᠠ ᠶᠢᠨ 3 ᠤ ᠡᠳᠦᠷ᠂ ᠰᠦᠯᠳᠡ ᠰᠤᠮᠤᠨ ᠤ ᠡᠯ᠎ᠡ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠪᠤᠯᠪᠠᠰᠤᠨ ᠲᠠᠬᠢᠯᠭ᠎ᠠ ᠪᠠᠷ ᠦᠷᠡᠭᠳᠡᠭᠰᠡᠨ ᠪᠠᠭᠠᠳᠤᠷᠴᠤᠳ ᠢᠶᠠᠨ ᠲᠤᠷᠠᠰᠬᠠᠪᠠ᠃      ᠰᠦᠯᠳᠡ ᠰᠤᠮᠤᠨ ᠤ ᠵᠠᠰᠠᠭ ᠤᠨ ᠤᠷᠳᠤᠨ᠂ ᠲᠤᠳᠤᠭᠠᠲᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭᠠᠨ  ᠤ ᠴᠠᠭᠳᠠᠭᠠᠨ ᠤ ᠶᠡᠭᠡ ᠠᠩᠬᠢ ᠵᠡᠷᠭᠡ ᠪᠠᠶᠢᠭᠤᠯᠭ᠎ᠠ ᠨᠢᠬᠡᠴᠢ ᠶᠢᠨ ᠵᠢᠷᠠᠭᠠᠳ ᠺᠠᠳ᠋ᠷ ᠠᠵᠢᠯᠳᠠᠳ ᠴᠤᠤᠳᠠᠢ ᠭᠠᠴᠠᠭᠠᠨ  ᠳᠤ ᠪᠠᠶᠢᠭ᠎ᠠ ᠬᠤᠰᠢᠭᠤ ᠶᠠᠮᠤᠨ ᠤ ᠪᠢᠴᠢᠬᠡᠴᠢ᠂ ᠠᠮᠤᠷ ᠢ ᠬᠠᠮᠠᠭᠠᠯᠠᠬᠤ ᠠᠩᠬᠢ ᠶᠢᠨ ᠲᠠᠷᠤᠭ᠎ᠠ ᠪᠠᠶᠢᠭᠰᠠᠨ ᠦᠷᠡᠭᠳᠡᠭᠰᠡᠨ ᠪᠠᠭᠠᠳᠤᠷ ᠲᠤᠪᠴᠢᠨᠳᠤᠷᠵᠢ ᠶᠢᠨ ᠬᠦᠰᠢᠬᠡᠨ ᠳᠤ ᠬᠦᠷᠴᠦ ᠲᠦᠯᠡᠰᠢ ᠲᠤᠶ᠋ᠢᠩ ᠲᠦᠯᠡᠭᠰᠡᠨ ᠦᠬᠡᠢ ᠬᠠᠷᠢᠨ ᠤᠷᠴᠢᠨ ᠲᠤᠭᠤᠷᠢᠨ ᠢ ᠨᠢ ᠠᠷᠢᠭᠤᠳᠬᠠᠨ ᠴᠡᠪᠡᠷᠯᠠᠭᠦ᠂ ᠴᠡᠴᠡᠭ ᠬᠦᠷᠭᠡᠬᠦ ᠵᠡᠷᠭᠡ ᠠᠵᠢᠯᠯᠠᠭ᠎ᠠ ᠥᠷᠨᠢᠭᠦᠯᠵᠤ ᠪᠤᠯᠪᠠᠰᠤᠨ ᠢᠶᠠᠷ ᠲᠠᠬᠢᠯᠭ᠎ᠠ ᠬᠢᠬᠦ ᠶᠢ ᠰᠤᠷᠳᠠᠯᠴᠢᠯᠠᠭᠰᠠᠨ ᠪᠠᠶᠢᠨ᠎ᠠ᠃      ᠪᠤᠯᠪᠠᠰᠤᠨ ᠲᠠᠬᠢᠯᠭ᠎ᠠ ᠶᠢᠨ ᠲᠠᠷᠠᠭ᠎ᠠ ᠺᠠᠳ᠋ᠷ ᠠᠵᠢᠯᠳᠠᠳ ᠰᠦᠯᠳᠡ ᠰᠤᠮᠤᠨ ᠤ ᠱᠠᠷᠯᠢᠭ ᠭᠠᠴᠠᠭᠠᠨ ᠳᠤ ᠬᠦᠷᠴᠦ ᠤᠯᠠᠨ ᠲᠠᠶᠠᠭᠠᠷ ᠲᠤ ᠭᠠᠯ ᠤᠨ ᠠᠶᠤᠯ ᠠᠴᠠ ᠰᠡᠷᠬᠡᠶᠢᠯᠡᠬᠦ ᠮᠡᠳᠡᠯᠭᠡ ᠮᠡᠳᠡᠴᠡ᠂ ᠢᠷᠭᠡᠨ ᠤ ᠬᠡᠷᠡᠭ ᠤᠨ ᠬᠠᠤᠯᠢ ᠵᠡᠷᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠳᠤ ᠤᠬᠠᠭᠤᠯᠭ᠎ᠠ ᠶᠢᠨ ᠬᠠᠭᠤᠳᠠᠰᠤ᠂ ᠬᠠᠩᠰᠢ ᠶᠢᠨ ᠪᠤᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠪᠤᠳᠠᠰ ᠲᠠᠷᠬᠠᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号