ᠤᠢᠢᠷ᠎ᠠ ᠶᠢᠨ ᠡᠳᠦᠷ᠂ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠨᠢ ᠪᠦᠬᠦ ᠪᠠᠭᠰᠢ | ᠰᠤᠷᠤᠭᠴᠢᠳ ᠲᠠᠭᠠᠨ ᠠᠮᠤᠷ ᠲᠦᠪᠰᠢᠨ ᠤ ᠬᠦᠮᠦᠵᠢᠯ ᠬᠢᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭᠠᠨ ᠳᠤ | ᠬᠦᠴᠦᠷᠬᠡᠭᠯᠡᠯ ᠢ ᠡᠰᠡᠷᠬᠦᠴᠡᠨ᠂ ᠲᠡᠯᠪᠡᠷᠡᠯᠳᠡ ᠶᠢ ᠰᠡᠷᠬᠡᠶᠢᠯᠡᠬᠦ ᠰᠤᠷᠢᠯᠳᠠ ᠬᠢᠵᠤ᠂ ᠰᠤᠷᠢᠯᠳᠠ ᠪᠠᠷ ᠲᠠᠮᠵᠢᠨ ᠪᠠᠭᠰᠢ | ᠰᠤᠷᠤᠭᠴᠢᠳ ᠵᠢᠴᠢ ᠬᠡᠷ ᠤᠨ ᠠᠬᠠᠮᠠᠳ ᠲᠠᠭᠠᠨ ᠠᠶᠤᠯ ᠲᠦᠭᠰᠢᠬᠦᠷᠢ ᠠᠴᠠ ᠬᠡᠷᠬᠢᠨ ᠠᠮᠤᠷ ᠮᠡᠨᠳᠦ ᠲᠤᠳᠠᠭᠠᠨ | ᠵᠠᠶᠢᠯᠠᠵᠤ᠂ ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠳᠤᠯᠠᠬᠤ ᠶᠢ ᠤᠬᠠᠭᠤᠯᠤᠭᠰᠠᠨ ᠪᠠᠶᠢᠨ᠎ᠠ᠃ | ᠬᠦᠴᠦᠷᠬᠡᠭᠯᠡᠯ᠂ ᠠᠶᠤᠯ ᠲᠦᠭᠰᠢᠬᠦᠷᠢᠲᠦ ᠪᠠᠶᠢᠳᠠᠯ ᠢ ᠬᠡᠷᠬᠢᠨ ᠠᠷᠭᠠᠴᠠᠭᠠᠬᠤ ᠪᠠ ᠠᠶᠤᠯ ᠠᠴᠠ ᠵᠠᠶᠢᠯᠠᠬᠤ | ᠵᠠᠩᠭᠢᠯᠠᠭ᠎ᠠ ᠶᠢᠨ ᠶᠠᠪᠤᠴᠠ ᠶᠢ ᠨᠠᠷᠢᠯᠢᠭ ᠶᠠᠷᠢᠵᠤ᠂ ᠰᠤᠷᠤᠭᠴᠢ ᠶᠢᠨ ᠠᠮᠢ ᠨᠠᠰᠤᠨ ᠤ ᠠᠮᠤᠷ ᠲᠦᠪᠰᠢᠨ ᠢ ᠴᠠᠭ | ᠢᠮᠠᠭᠳᠠ ᠲᠡᠷᠢᠬᠦᠨ ᠪᠠᠶᠢᠷᠢᠨ ᠳᠤ ᠲᠠᠯᠪᠢᠬᠤ ᠶᠢ ᠴᠢᠩᠭ᠎ᠠ ᠱᠠᠭᠠᠷᠳᠠᠵᠤ᠂ ᠦᠨᠡᠨ ᠬᠦ ᠬᠦᠴᠦᠷᠬᠡᠭᠯᠡᠯ ᠤᠨ ᠠᠵᠢᠯᠯᠠᠭ᠎ᠠ | ᠡᠬᠦᠰᠬᠦ ᠦᠶ᠎ᠠ ᠳᠤ ᠪᠠᠴᠢᠮᠳᠠᠨ ᠬᠡᠯᠮᠡᠭᠳᠡᠬᠦ ᠦᠬᠡᠢ᠂ ᠮᠠᠭᠤ ᠡᠳᠡᠬᠡᠳ ᠲᠠᠢ ᠰᠢᠭᠤᠳ ᠬᠦᠴᠦ ᠪᠠᠷ ᠲᠡᠮᠡᠴᠡᠬᠦ ᠪᠢᠰᠢ | ᠬᠠᠷᠢᠨ ᠠᠷᠭ᠎ᠠ ᠤᠬᠠᠭᠠᠨ ᠢᠶᠠᠷ ᠢᠶᠠᠨ ᠦᠪᠡᠷ ᠤᠨ ᠠᠮᠤᠷ ᠲᠦᠪᠰᠢᠨ ᠢᠶᠠᠨ ᠪᠠᠳᠤᠯᠠᠵᠤ᠂ ᠴᠠᠭ ᠲᠤᠬᠠᠢ ᠳᠤᠨᠢ | ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠪᠤᠶᠤ ᠲᠤᠬᠠᠢ ᠶᠢᠨ ᠭᠠᠵᠠᠷ ᠤᠨ ᠲᠤᠰᠬᠠᠢ ᠲᠤᠮᠢᠯᠠᠭᠰᠠᠨ ᠰᠠᠯᠪᠤᠷᠢ ᠳᠤ | ᠬᠡᠷᠡᠭ ᠮᠡᠳᠡᠬᠦᠯᠬᠦ ᠬᠡᠷᠡᠭᠳᠡᠢ ᠬᠡᠳᠡᠭ ᠢ ᠪᠠᠭᠰᠢ ᠰᠤᠷᠤᠭᠴᠢᠳ ᠲᠤ ᠮᠡᠳᠡᠬᠦᠯᠦᠨ᠂ ᠠᠮᠤᠷ ᠲᠦᠪᠰᠢᠨ ᠤ ᠤᠬᠠᠮᠰᠠᠷ ᠲᠠᠢ | ᠪᠠᠶᠢᠬᠤ ᠬᠡᠷᠡᠭᠳᠡᠢ ᠬᠡᠳᠡᠭ ᠢ ᠴᠢᠬᠤᠯᠠᠴᠢᠯᠠᠭᠰᠠᠨ ᠪᠠᠶᠢᠨ᠎ᠠ᠃ |