4 ᠰᠠᠷ᠎ᠠ ᠶᠢᠨ 3 ᠤ ᠡᠳᠦᠷ᠂ ᠮᠠᠨ ᠤ ᠬᠤᠰᠢᠭᠤᠨ ᠤ ᠬᠤᠳᠠ ᠭᠥᠳᠡᠭᠡ ᠶᠢᠨ ᠲᠤᠯᠥᠪᠵᠢᠭᠦᠯᠭᠡ ᠶᠢᠨ | ᠬᠠᠮᠢᠶᠠᠷᠤᠯᠳᠠ ᠶᠢᠨ ᠵᠥᠪᠯᠠᠯ ᠤᠨ 2019 ᠤᠨ ᠤ ᠠᠩᠬᠠᠳᠤᠭᠠᠷ ᠬᠤᠷᠠᠯ ᠬᠤᠷᠠᠯᠳᠤᠵᠤ ᠨᠢᠭᠡ ᠪᠥᠯᠥᠭ | ᠲᠥᠯᠥᠪᠯᠡᠭᠡ ᠲᠥᠯᠥᠪᠵᠢᠭᠦᠯᠭᠡ ᠶᠢᠨ ᠲᠥᠰᠤᠯ ᠢ ᠲᠥᠪᠯᠠᠷᠠᠭᠦᠯᠤᠨ ᠰᠤᠳᠤᠯᠵᠤ ᠭᠢᠨᠠᠨ ᠵᠥᠪᠯᠡᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠤᠳᠤᠷᠢᠳᠤᠯᠭ᠎ᠠ | ᠯᠢ ᠰᠢᠤ ᠹᠧᠩ᠂ ᠵᠸᠤ ᠱᠤᠸᠠᠢ ᠪᠤᠯᠤᠨ ᠬᠤᠰᠢᠭᠤ ᠬᠤᠳᠠ ᠭᠥᠳᠡᠭᠡ ᠶᠢᠨ ᠲᠤᠯᠥᠪᠵᠢᠭᠦᠯᠭᠡ ᠶᠢᠨ ᠬᠠᠮᠢᠶᠠᠷᠤᠯᠳᠠ | ᠶᠢᠨ ᠵᠥᠪᠯᠠᠯ ᠤᠨ ᠪᠥᠷᠢᠯᠳᠤᠭᠦᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | | | | | | | ᠬᠤᠷᠠᠯ ᠨᠢ ︽ᠬᠤᠷ᠎ᠠ ᠤᠰᠤ ᠵᠤᠭᠠᠴᠠᠯ ᠤᠨ ᠥᠵᠡᠮᠵᠢ ᠶᠢᠨ ᠤᠷᠤᠨ ᠤ ᠪᠥᠳᠥᠭᠡᠨ ᠪᠠᠶᠢᠭᠤᠯᠤᠯᠳᠠ ᠶᠢᠨ | ᠲᠥᠷᠤᠯ ᠵᠥᠢᠯ ᠤᠨ ᠵᠢᠷᠤᠭ ᠲᠥᠯᠥᠪᠯᠡᠭᠡ ᠶᠢᠨ ᠲᠥᠰᠤᠯ︾᠂ ︽ᠥᠥᠰᠢᠨ ᠬᠤᠰᠢᠭᠤᠨ ᠤ ᠶᠠᠩ ᠭᠤᠸᠠᠩ | ᠰᠠᠭᠤᠭᠠᠯᠢ ᠲᠤᠭᠤᠷᠢᠭ ᠤᠨ B ᠲᠤᠭᠤᠷᠢᠭ ᠤᠨ ᠪᠠᠷᠢᠯᠭ᠎ᠠ ᠶᠢᠨ ᠨᠠᠷᠢᠨ ᠲᠥᠯᠥᠪᠵᠢᠭᠦᠯᠭᠡ︾᠂ ︽ᠥᠥᠰᠢᠨ | ᠬᠤᠰᠢᠭᠤᠨ ᠤ ᠭᠠᠯᠠᠭᠤᠳᠤ ᠪᠠᠯᠭᠠᠰᠤᠨ ᠤ ᠭᠠᠯᠳᠤ ᠲᠡᠷᠭᠡᠨ ᠥᠷᠳᠡᠭᠡ ᠶᠢᠨ ᠠᠭᠤᠯᠵᠠᠷ ᠱᠤᠭᠤᠮ ᠤᠨ ᠵᠢᠷᠤᠭ | ᠲᠥᠯᠥᠪᠯᠡᠭᠡ ᠶᠢᠨ ᠲᠥᠰᠤᠯ︾᠂ ︽ᠥᠥᠰᠢᠨ ᠬᠤᠰᠢᠭᠤᠨ ᠤ ᠲᠥᠷᠪᠡᠳᠤᠭᠡᠷ ᠭᠡᠤᠭᠡᠳ ᠤᠨ ᠴᠡᠴᠡᠷᠯᠢᠭ ᠤᠨ | ᠪᠠᠷᠢᠯᠭ᠎ᠠ ᠶᠢᠨ ᠨᠠᠷᠢᠨ ᠲᠥᠯᠥᠪᠵᠢᠭᠦᠯᠭᠡ︾᠂ ︽ᠴᠠᠩ ᠴᠢᠩ ᠤᠨ ᠰᠤᠪᠤᠷᠭ᠎ᠠ ᠪᠠᠷᠢᠮᠵᠢᠶᠠᠵᠢᠭᠤᠯᠤᠭᠰᠠᠨ | ᠲᠤᠭᠢᠷᠠᠭᠤᠯᠤᠨ ᠭᠥᠷᠭᠡᠭᠦ ᠲᠥᠪ ᠤᠨ ᠪᠠᠷᠢᠯᠭ᠎ᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠲᠥᠰᠤᠯ︾᠂ ︽ | ᠥᠥᠰᠢᠨ ᠬᠤᠰᠢᠭᠤᠨ ᠤ ᠡᠾᠧᠩ ᠷᠥᠨ ᠰᠢᠤᠸᠠᠢ ᠹᠦ᠋ ᠰᠠᠭᠤᠭᠠᠯᠢ ᠲᠤᠭᠤᠷᠢᠭ ᠤᠨ ᠪᠠᠷᠢᠯᠭ᠎ᠠ ᠶᠢᠨ ᠲᠥᠯᠥᠪᠵᠢᠭᠦᠯᠭᠡ | ︾᠂ ︽ᠥᠥᠰᠢᠨ ᠬᠤᠰᠢᠭᠤᠨ ᠤ ᠬᠤᠶᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ | ᠤᠨ ᠵᠢᠷᠤᠭ ᠲᠥᠯᠥᠪᠯᠡᠭᠡ ᠲᠥᠰᠤᠯ︾ ᠵᠡᠷᠭᠡ ᠶᠢ ᠭᠢᠨᠠᠨ ᠵᠥᠪᠯᠠᠭᠦ ᠶᠢᠨ ᠬᠠᠮᠳᠤ ᠵᠠᠷᠴᠢᠮ ᠲᠡᠭᠡᠷ᠎ᠡ ᠪᠠᠨ ᠪᠠᠳᠤᠯᠠᠪᠠ᠃ | ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠲᠥᠯᠥᠪᠵᠢᠭᠦᠯᠭᠡ ᠪᠤᠯ ᠬᠤᠳᠠ ᠶᠢᠨ ᠪᠥᠳᠥᠭᠡᠨ | ᠪᠠᠶᠢᠭᠤᠯᠤᠯᠳᠠ ᠶᠢᠨ ᠵᠠᠮᠴᠢ ᠪᠠᠶᠢᠵᠤ ᠮᠠᠰᠢ ᠴᠢᠬᠤᠯᠠ ᠶᠤᠮ᠃ ᠵᠠᠪᠠᠯ ᠲᠥᠯᠥᠪᠵᠢᠭᠦᠯᠭᠡ ᠪᠠᠷ ᠭᠥᠳᠤᠯᠤᠨ | ᠲᠠᠭᠠᠭᠤᠯᠬᠤ ᠤᠬᠠᠮᠰᠠᠷ ᠢ ᠪᠠᠳᠤ ᠪᠠᠭᠢ ᠪᠤᠢ ᠪᠤᠯᠭᠠᠨ ᠴᠢᠨᠠᠷ ᠰᠠᠶᠢᠳᠠᠢ ᠪᠥᠳᠥᠭᠡᠨ ᠪᠠᠶᠢᠭᠤᠯᠤᠯᠳᠠ ᠶᠢ ᠪᠠᠳᠤᠯᠠᠬᠤ | ᠭᠡᠷᠡᠭᠳᠠᠢ ᠭᠡᠵᠡᠢ᠃ | | | | | | | ᠵᠤᠤ ᠹᠸᠢ ᠯᠤ᠋ ᠱᠠᠭᠠᠷᠳᠠᠬᠤ ᠳᠤ ᠪᠠᠨ᠂ ᠡᠯ᠎ᠠ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠬᠤᠳᠠ ᠶᠢᠨ | ᠲᠥᠯᠥᠪᠵᠢᠭᠦᠯᠭᠡ ᠬᠠᠮᠢᠶᠠᠷᠤᠯᠳᠠ ᠶᠢᠨ ᠭᠢᠷᠢ ᠲᠥᠪᠰᠢᠨ ᠢ ᠲᠡᠭᠡᠭᠰᠢᠯᠡᠭᠦᠯᠭᠦ ᠶᠢ ᠰᠢᠨᠵᠢᠯᠠᠭᠦ ᠤᠬᠠᠭᠠᠨᠴᠢ ᠪᠠᠷ | ᠲᠥᠯᠥᠪᠵᠢᠭᠦᠯᠵᠤ ᠲᠥᠯᠥᠪᠵᠢᠭᠦᠯᠭᠡ ᠶᠢᠨ ᠭᠥᠳᠤᠯᠤᠨ ᠲᠠᠭᠠᠭᠤᠯᠤᠭᠴᠢ ᠶᠢᠨ ᠥᠢᠯᠡᠳᠤᠯ ᠢ ᠭᠥᠢᠴᠡᠳ | ᠪᠠᠳᠠᠷᠠᠭᠤᠯᠤᠨ ᠰᠢᠨᠵᠢᠯᠠᠭᠦ ᠤᠬᠠᠭᠠᠨᠴᠢ ᠪᠠᠷ ᠲᠥᠯᠥᠪᠵᠢᠭᠦᠯᠭᠦ ᠶᠢ ᠪᠠᠶᠠᠯᠠᠭᠦᠯᠵᠦ ᠤᠯᠠᠨ ᠨᠠᠶᠢᠳᠠ ᠶᠢᠨ ᠥᠢᠯᠡᠴᠢᠯᠡᠭᠡᠨ | ᠤ ᠲᠥᠭᠦᠷᠴᠢᠯᠡᠭᠰᠠ ᠲᠥᠭᠦᠭᠡᠷᠤᠮᠵᠢ ᠶᠢ ᠲᠡᠭᠦᠯᠳᠡᠷᠵᠢᠭᠦᠯᠭᠦ ᠭᠡᠷᠡᠭᠳᠠᠢ᠃ ᠡᠭᠦᠨ ᠤ ᠬᠠᠮᠲᠤ᠂ ᠲᠥᠷᠤᠯ ᠵᠥᠢᠯ ᠤᠨ | ᠪᠥᠭᠦᠶᠢᠯᠠ ᠴᠤᠭᠴᠠ ᠶᠢᠨ ᠭᠡᠪ ᠨᠠᠮᠪᠠ ᠨᠢ ᠮᠠᠨ ᠤ ᠬᠤᠰᠢᠭᠤᠨ ᠤ ᠬᠤᠳᠠ ᠶᠢᠨ ᠶᠡᠷᠤᠩᠭᠡᠢ ᠲᠥᠯᠥᠪᠵᠢᠭᠦᠯᠭᠡ᠂ | ᠭᠠᠵᠠᠷ ᠤᠷᠤᠨ ᠤ ᠭᠡᠪ ᠨᠠᠮᠪᠠ ᠲᠠᠢ ᠵᠤᠭᠢᠴᠠᠯᠳᠤᠨ ᠲᠥᠰᠤᠯ ᠨᠢ ᠡᠯ᠎ᠠ ᠲᠥᠷᠤᠯ ᠤᠨ ᠥᠢᠯᠡᠳᠤᠯ ᠭᠡᠷᠡᠭᠴᠡᠭᠡ ᠶᠢ | ᠬᠠᠩᠭᠠᠵᠤ ᠪᠤᠳᠠᠳᠤ ᠪᠥᠳᠥᠭᠡᠨ ᠪᠠᠶᠢᠭᠤᠯᠤᠯᠳᠠ ᠶᠢᠨ ᠭᠡᠷᠡᠭᠴᠡᠭᠡ ᠲᠠᠢ ᠵᠤᠭᠢᠴᠠᠬᠤ ᠭᠡᠷᠡᠭᠳᠠᠢ ᠭᠡᠵᠡᠢ᠃ | ᠬᠤᠷᠠᠯ ᠳᠤ ᠤᠷᠤᠯᠴᠠᠭᠰᠠᠳ ᠡᠯ᠎ᠠ ᠲᠥᠷᠤᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ | ᠲᠥᠰᠤᠯ ᠤᠨ ᠲᠤᠭᠤᠷᠢᠨ ᠳᠤ ᠵᠠᠰᠠᠪᠤᠷᠢ ᠤᠷᠤᠭᠤᠯᠬᠤ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ | ᠬᠤᠷᠠᠯ ᠢᠶᠠᠷ ᠪᠠᠰᠠ ᠪᠤᠰᠤᠳ ᠤᠴᠢᠷ ᠶᠠᠪᠤᠳᠠᠯ ᠢ ᠰᠤᠳᠤᠯᠤᠭᠰᠠᠨ ᠪᠠᠶᠢᠨ᠎ᠠ᠃ | | |