︽ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ︾ ᠲᠦᠪᠯᠡᠷᠡᠬᠦᠯᠦᠨ ᠣᠬᠠᠭᠤᠯᠬᠤ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠣᠰᠣᠯᠠᠯ ᠶᠠᠪᠣᠭᠳᠠᠪᠠ
ᠨᠡᠶᠢᠲᠡᠯᠡᠭᠰᠡᠨ ᠴᠠᠭ᠄
2019-04-08
     4 ᠰᠠᠷ᠎ᠠ ᠶᠢᠨ 2 ᠤᠨ ᠡᠳᠦᠷ᠂ ᠮᠠᠨ ᠤ ᠬᠤᠰᠢᠭᠤᠨ ᠤ ︽ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ︾ ᠲᠦᠪᠯᠡᠷᠡᠬᠦᠯᠦᠨ ᠣᠬᠠᠭᠤᠯᠬᠤ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠣᠰᠣᠯᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ  ᠤ ᠳᠦᠪ ᠲᠤ ᠶᠠᠪᠣᠭᠳᠠᠭᠰᠠᠨ ᠪᠠᠶᠢᠨ᠎ᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠣᠯᠠᠭᠠᠨ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠢ᠊ ᠵᠢᠷᠣᠮᠲᠣ᠂ ᠬᠤᠰᠢᠭᠤ ᠡᠮᠴᠢᠯᠡᠬᠡᠨ ᠤ ᠪᠠᠳᠣᠯᠠᠭ᠎ᠠ ᠶᠢᠨ ᠳᠣᠪᠴᠢᠶ᠎ᠠ᠂ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠣᠯᠳᠠ ᠶᠢᠨ ᠳᠣᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠲᠣ ᠶᠢᠨ ᠵᠦᠪᠯᠡᠯ ᠤᠨ ᠬᠠᠷᠢᠭᠤᠴᠠᠯᠭᠠᠳᠠᠨ᠂ ᠬᠤᠰᠢᠭᠤ ᠡᠮᠴᠢᠯᠡᠬᠡᠨ ᠤ ᠪᠠᠳᠣᠯᠠᠭ᠎ᠠ ᠶᠢᠨ ᠳᠣᠪᠴᠢᠶᠠᠨ ᠤ ᠪᠦᠬᠦ ᠺᠠᠳ᠋ᠷ ᠠᠵᠢᠯᠳᠠᠳ᠂ ᠡᠯ᠎ᠡ ᠳᠣᠭᠳᠠᠮᠠᠯ ᠡᠮ ᠡᠮᠨᠡᠯᠬᠡ  ᠶᠢᠨ ᠪᠠᠶᠢᠭᠤᠯᠣᠮᠵᠢ ᠶᠢᠨ ᠬᠠᠷᠢᠭᠤᠴᠠᠯᠭᠠᠳᠠᠨ᠂ ᠬᠡᠰᠡᠭ ᠪᠦᠯᠦᠭ ᠡᠮᠴᠢ ᠰᠣᠪᠢᠯᠠᠭᠴᠢᠳ ᠪᠠ ᠳᠠᠭᠠᠳᠬᠠᠯ ᠳᠤ ᠣᠷᠣᠯᠴᠠᠵᠦ ᠪᠠᠶᠢᠭ᠎ᠠ ᠬᠦᠮᠦᠰ ᠤᠨ ᠲᠦᠯᠦᠭᠡᠯᠡᠭᠴᠢ ᠶᠣᠰᠣᠯᠠᠯ ᠳᠤ ᠣᠷᠣᠯᠴᠠᠪᠠ᠃
     ᠶᠣᠰᠣᠯᠠᠯ ᠳᠤ᠂ ᠬᠤᠰᠢᠭᠤ ᠡᠮᠴᠢᠯᠡᠬᠡᠨ ᠤ ᠪᠠᠳᠣᠯᠠᠭ᠎ᠠ ᠶᠢᠨ ᠳᠣᠪᠴᠢᠶᠠᠨ ᠤ ᠬᠠᠷᠢᠭᠤᠴᠠᠯᠭᠠᠳᠠᠨ ᠠᠴᠠ ︽ᠦᠦᠰᠢᠨ ᠬᠤᠰᠢᠭᠤᠨ ᠤ ᠡᠮᠴᠢᠯᠡᠬᠡᠨ ᠤ ᠪᠠᠳᠣᠯᠠᠭ᠎ᠠ ᠶᠢᠨ ᠳᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠮᠦᠩᠬᠦ  ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ ᠲᠦᠪᠯᠡᠷᠡᠬᠦᠯᠦᠨ ᠣᠬᠠᠭᠤᠯᠬᠤ ᠰᠠᠷ᠎ᠠ ᠶᠢᠨ ᠠᠵᠢᠯᠯᠠᠭ᠎ᠠ ᠶᠢ ᠶᠠᠪᠣᠭᠳᠠᠭᠤᠯᠬᠤ ᠳᠣᠬᠠᠢ ᠬᠡᠷᠡᠭᠵᠢᠬᠦᠯᠬᠦ ᠳᠦᠰᠦᠯ︾ ᠢ ᠣᠩᠰᠢᠵᠦ ᠯᠢ᠊ ᠵᠢᠷᠣᠮᠲᠣ ᠠᠴᠠ ᠦᠦᠰᠢᠨ ᠬᠤᠰᠢᠭᠤᠨ ᠤ ︽ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ︾ ᠰᠠᠨᠠᠭᠠᠴᠢᠯᠠᠭ᠎ᠠ ᠶᠢᠨ ᠪᠢᠴᠢᠭ ᠢ ᠣᠩᠰᠢᠨ ᠡᠮ ᠡᠮᠨᠡᠯᠬᠡ ᠶᠢᠨ ᠪᠠᠶᠢᠭᠤᠯᠣᠮᠵᠢ᠂ ᠳᠠᠭᠠᠳᠬᠠᠯ ᠳᠤ ᠣᠷᠣᠯᠴᠠᠵᠦ ᠪᠠᠶᠢᠭ᠎ᠠ ᠬᠦᠮᠦᠰ ᠤᠨ ᠲᠦᠯᠦᠭᠡᠯᠡᠭᠴᠢ  ᠠᠴᠠ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ ᠳᠣᠬᠠᠢ ᠳᠠᠩᠭᠠᠷᠢᠭᠯᠠᠪᠠ᠃
     ᠾᠧ ᠣᠯᠠᠭᠠᠨ ᠮᠠᠨ ᠤ ᠬᠤᠰᠢᠭᠤᠨ ᠤ ︽ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ  ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ︾ ᠲᠦᠪᠯᠡᠷᠡᠬᠦᠯᠦᠨ ᠣᠬᠠᠭᠤᠯᠬᠤ ᠰᠠᠷ᠎ᠠ ᠶᠢᠨ ᠠᠵᠢᠯᠯᠠᠭ᠎ᠠ ᠡᠬᠢᠯᠡᠭᠰᠡᠨ ᠢ ᠲᠣᠩᠬᠠᠭᠯᠠᠪᠠ᠃      ᠶᠣᠰᠣᠯᠠᠯ ᠳᠡᠭᠡᠷ᠎ᠡ᠂ ᠪᠠᠶᠠᠨᠴᠢᠮᠡᠭ ᠬᠡᠳᠦᠨ ᠰᠠᠨᠠᠯ ᠳᠣᠷᠠᠳᠴᠦ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ ᠴᠢᠬᠤᠯᠠ ᠴᠢᠨᠠᠷ ᠢ ᠳᠠᠨᠢᠨ ᠡᠮ ᠡᠮᠨᠡᠯᠬᠡ ᠶᠢᠨ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ ᠪᠣᠯ ᠡᠮᠴᠢᠯᠡᠬᠡᠨ ᠤ ᠪᠠᠳᠣᠯᠠᠭ᠎ᠠ  ᠶᠢᠨ ᠰᠠᠯᠠᠭ᠎ᠠ ᠮᠦᠴᠢᠷ ᠤᠨ ᠳᠡᠷᠢᠬᠦᠨ ᠬᠠᠷᠢᠭᠤᠴᠠᠯᠭ᠎ᠠ ᠪᠣᠯᠬᠤ ᠶᠢ ᠪᠠᠳᠣᠯᠠᠵᠦ ᠦᠷᠬᠦᠯᠵᠢᠯᠠᠨ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠢᠩᠭ᠎ᠠ ᠴᠣᠬᠢᠯᠳᠠ ᠦᠭᠬᠦ ᠬᠡᠷᠡᠭᠲᠡᠢ᠃ ︽ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠭᠡᠯᠡᠭᠴᠢᠳ ᠲᠤ ᠴᠣᠬᠢᠯᠳᠠ ᠦᠭᠴᠦ ᠰᠠᠭᠤᠷᠢ ᠮᠦᠩᠬᠦ ᠶᠢᠨ ᠠᠮᠣᠷ ᠳᠦᠪᠰᠢᠨ ᠢ ᠬᠠᠮᠠᠭᠠᠯᠠᠬᠤ︾ ᠣᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠦᠷᠨᠢᠬᠦᠯᠵᠦ ᠰᠢᠨᠵᠢᠯᠡᠬᠦ ᠣᠬᠠᠭᠠᠨᠴᠢ ᠵᠦᠢ ᠶᠣᠰᠣᠨ  ᠤ ᠬᠢᠨᠠᠨ ᠬᠠᠮᠢᠶᠠᠷᠣᠯᠳᠠ ᠶᠢᠨ ᠰᠢᠰᠲ᠋ᠧᠮ ᠢ ᠪᠦᠷᠢᠯᠳᠦᠬᠦᠯᠤᠨ ᠬᠢᠨᠠᠯᠲᠠ ᠬᠠᠮᠢᠶᠠᠷᠴᠦ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠦ ᠣᠯᠠᠨ ᠰᠠᠯᠠᠭ᠎ᠠ ᠮᠦᠴᠢᠷ ᠬᠠᠮᠳᠣᠷᠠᠵᠦ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠬᠡᠯᠡᠭᠰᠡᠨ ᠬᠠᠣᠯᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠠᠵᠢᠯ ᠤᠨ ᠳᠣᠭᠳᠠᠯᠴᠠᠭ᠎ᠠ ᠶᠢ ᠪᠦᠷᠢᠯᠳᠦᠬᠦᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠬᠦᠴᠦ ᠪᠠᠨ ᠬᠠᠮᠳᠣᠳᠬᠠᠵᠦ ᠡᠮᠴᠢᠯᠡᠬᠡᠨ ᠤ ᠪᠠᠳᠣᠯᠠᠭ᠎ᠠ ᠶᠢᠨ ᠰᠠᠭᠤᠷᠢ ᠮᠦᠩᠬᠦᠨ ᠤ ᠠᠮᠣᠷ ᠳᠦᠪᠰᠢᠨ ᠢ ᠬᠠᠮᠠᠭᠠᠯᠠᠬᠤ ᠳᠠᠶᠢᠨ ᠢ ᠰᠠᠶᠢᠳᠣᠷ ᠬᠢᠬᠦ ᠬᠡᠷᠡᠭᠲᠡᠢ ᠬᠡᠪᠡ᠃
     ᠪᠠᠶᠠᠨᠴᠢᠮᠡᠭ ᠱᠠᠭᠠᠷᠳᠠᠬᠤ ᠳᠠᠭᠠᠨ᠂ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠮᠡᠬᠡᠯᠡᠭᠴᠢᠳ ᠲᠤ ᠴᠣᠬᠢᠯᠳᠠ ᠦᠭᠬᠦ ᠳᠤ ᠠᠷᠠᠳ ᠲᠦᠮᠡᠨ ᠳᠤ ᠲᠦᠰᠢᠭᠯᠡᠵᠦ ᠡᠮᠴᠢᠯᠡᠬᠡᠨ ᠤ ᠪᠠᠶᠢᠭᠤᠯᠣᠮᠵᠢ ᠪᠠᠷ ᠭᠤᠣᠯᠳᠠᠭᠤᠯᠣᠨ᠎ᠠ᠃ ᠡᠶᠢᠮᠦ ᠠᠴᠠ ᠳᠡᠭᠡᠲᠦ ᠬᠡᠮᠵᠢᠶᠡᠨ ᠤ ᠣᠯᠣᠰ ᠳᠦᠷᠦ ᠶᠢᠨ ᠬᠠᠷᠢᠭᠤᠴᠠᠯᠭᠠᠳᠣ ᠣᠪᠣᠷ ᠵᠢᠴᠢ ᠪᠠᠴᠢᠮ ᠳᠣᠯᠭᠠᠮ᠎ᠠ ᠰᠡᠳᠬᠢᠯᠬᠡ ᠪᠠᠷ ᠠᠷᠠᠳ ᠣᠯᠠᠨ ᠤ ᠡᠷᠡᠬᠦᠯ ᠮᠡᠨᠲᠣ ᠶᠢᠨ ᠡᠷᠬᠡ ᠶᠢ ᠪᠠᠳᠣᠯᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号