ᠰᠧᠴᠤᠸᠠᠨ ᠤ ᠬᠢᠨ ᠮᠦᠯᠢ ᠶᠢᠨ ᠤᠢ ᠰᠢᠭᠤᠢ ᠶᠢᠨ ᠲᠦᠢᠮᠡᠷ ᠢ ᠤᠨᠳᠠᠷᠠᠭᠠᠵᠦ ᠭᠠᠮᠰᠢᠬ ᠠᠴᠠ ᠠᠪᠤᠷᠠᠬᠤ ᠳᠤᠮᠳᠠ ᠪᠡᠭᠠᠳᠤᠷᠯᠢᠭ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠢ ᠭᠠᠰᠢᠭᠤᠳᠠᠬᠤ ᠠᠵᠢᠯᠯᠠᠭ᠎ᠠ ᠬᠢᠪᠡ
ᠨᠡᠶᠢᠲᠡᠯᠡᠭᠰᠡᠨ ᠴᠠᠭ᠄
2019-04-08
     ᠯᠢᠶᠠᠩᠱᠠᠨ ᠠᠭᠤᠯᠠ ᠨᠢᠯᠪᠤᠰᠤᠨ ᠳᠤ ᠲᠡᠪᠲᠦᠵᠦ᠂ ᠴᠢᠶᠦ᠋ᠩ ᠬᠠᠢ ᠡᠮᠭᠡᠨᠢᠯ ᠳᠤ ᠤᠨᠠᠨ᠎ᠠ᠃ 4 ᠰᠠᠷ᠎ᠠ ᠶᠢᠨ 4 ᠤ ᠡᠳᠦᠷ ᠰᠧᠴᠤᠸᠠᠨ ᠤ ᠮᠦᠯᠢ ᠶᠢᠨ ᠤᠢ ᠰᠢᠭᠤᠢ ᠶᠢᠨ ᠲᠦᠢᠮᠡᠷ ᠢ ᠤᠨᠳᠠᠷᠠᠭᠠᠵᠦ ᠭᠠᠮᠰᠢᠬ ᠠᠴᠠ ᠠᠪᠤᠷᠠᠬᠤ ᠳᠤᠮᠳᠠ ᠪᠡᠭᠠᠳᠤᠷᠯᠢᠭ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠢ ᠭᠠᠰᠢᠭᠤᠳᠠᠬᠤ ᠠᠵᠢᠯᠯᠠᠭ᠎ᠠ ᠰᠢᠴᠠᠩ ᠬᠤᠳᠠ ᠳᠤ ᠶᠠᠪᠤᠭᠳᠠᠵᠠᠢ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠵᠡᠷᠭᠡ ᠨᠠᠮ ᠪᠤᠯᠤᠨ ᠤᠯᠤᠰ ᠤᠨ ᠤᠳᠤᠷᠢᠳᠬᠤ ᠬᠦᠮᠦᠨ 30 ᠦᠷᠡᠭᠳᠡᠭᠰᠡᠨ ᠪᠠᠭᠠᠳᠤᠷᠴᠤᠳ ᠲᠤ ᠴᠡᠭᠠᠷᠢᠭᠳᠤ ᠴᠡᠴᠡᠭ ᠬᠦᠷᠭᠡᠪᠡ᠃ ᠲᠦᠷᠦ ᠶᠢᠨ ᠶᠠᠪᠤᠳᠠᠯ ᠤᠨ ᠭᠡᠰᠢᠬᠦᠨ ᠸᠠᠩ ᠶᠦᠩ ᠭᠠᠰᠢᠭᠤᠳᠠᠬᠤ ᠠᠵᠢᠯᠯᠠᠭ᠎ᠠ ᠳᠤ ᠤᠷᠤᠯᠴᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠠ ᠠᠴᠠ ᠲᠦᠢᠮᠡᠷ ᠤᠨᠳᠠᠷᠠᠭᠠᠬᠤ ᠪᠠᠶᠢᠯᠳᠤᠭᠠᠨ ᠳᠤᠮᠳᠠ ᠪᠠᠭᠠᠳᠤᠷᠯᠢᠭ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠢ ᠬᠦᠨ᠎ᠡ ᠭᠠᠰᠢᠭᠤᠳᠠᠵᠦ ᠪᠠᠶᠢᠬᠤ ᠪᠠᠨ ᠢᠯᠡᠳᠭᠡᠪᠠ︕ ᠦᠷᠡᠭᠳᠡᠭᠰᠡᠨ ᠪᠠᠭᠠᠳᠤᠷᠴᠤᠳ ᠤᠨ ᠰᠠᠳᠤᠨ ᠲᠦᠷᠦᠯ ᠢ ᠴᠢᠩ ᠰᠡᠳᠬᠢᠯ ᠠᠴᠠ ᠪᠠᠨ ᠲᠤᠬᠤᠨᠢᠭᠤᠯᠪᠠ︕ ᠲᠦᠢᠮᠡᠷ ᠤᠨ ᠭᠠᠮᠰᠢᠭ ᠠᠴᠠ ᠠᠪᠤᠷᠠᠬᠤ ᠳᠤ ᠤᠷᠤᠯᠴᠠᠬᠰᠠᠨ ᠪᠦᠬᠦ ᠨᠦᠬᠦᠳ ᠲᠤ ᠡᠷᠬᠢᠮ ᠳᠡᠭᠡᠳᠦ ᠬᠦᠨᠳᠦᠳᠭᠡᠯ ᠲᠡᠪᠰᠢᠬᠦᠯᠪᠡ︕      ᠭᠠᠰᠢᠭᠤᠳᠠᠬᠤ ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠲᠦᠪ ᠬᠢᠴᠢᠶᠡᠩᠬᠦᠢ ᠠᠭᠤᠷ ᠠᠮᠢᠰᠬᠤᠯ ᠢᠶᠠᠷ ᠪᠢᠯᠬᠠᠵᠦ᠂ ᠭᠠᠰᠢᠭᠤᠳᠠᠯ ᠤᠨ ᠠᠶᠠᠰ ᠤᠶᠠᠷᠠᠭᠤᠨ ᠬᠠᠩᠬᠢᠨᠠᠨ᠎ᠠ᠃ ᠲᠡᠷᠢᠬᠦᠯᠡᠭᠴᠢ ᠶᠢᠨ ᠲᠠᠶᠢᠰᠠᠨ ᠤ ᠲᠦᠪ ᠳᠤᠮᠳᠠ 30 ᠦᠷᠡᠭᠳᠡᠭᠰᠡᠨ ᠪᠠᠭᠠᠳᠤᠷ ᠤᠨ ᠬᠦᠷᠦᠭ ᠢ ᠡᠯᠬᠦᠵᠦ᠂ ᠬᠤᠶᠠᠷ ᠲᠠᠯ᠎ᠠ ᠪᠠᠷ ᠨᠢ ᠡᠯ᠎ᠠ ᠱᠠᠳᠤᠨ ᠤ ᠤᠳᠤᠷᠢᠳᠤᠯᠭ᠎ᠠ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠦᠷᠭᠡᠭᠰᠡᠨ ᠴᠠᠭᠠᠷᠢᠬᠲᠦ ᠴᠡᠴᠡᠭ᠂ ᠴᠡᠴᠡᠭᠳᠦ ᠰᠠᠬᠰᠤ ᠶᠢ ᠲᠠᠯᠪᠢᠵᠠᠢ᠃      ᠦᠳᠡ ᠶᠢᠨ ᠡᠮᠦᠨᠡᠬᠢ 10 ᠴᠠᠭ 40 ᠮᠢᠨᠦ᠋ᠲ ᠤᠨ ᠦᠶ᠎ᠠ ᠪᠠᠷ᠂ ᠭᠠᠰᠢᠭᠤᠳᠠᠬᠤ ᠠᠵᠢᠯᠯᠠᠭ᠎ᠠ ᠡᠬᠢᠯᠡᠪᠡ᠃ ᠲᠤᠬᠠᠢ ᠶᠢᠨ ᠲᠠᠯᠠᠪᠠᠢ ᠶᠢᠨ ᠪᠦᠬᠦ ᠬᠦᠮᠦᠰ ᠦᠷᠡᠭᠳᠡᠭᠰᠡᠨ ᠪᠠᠭᠠᠳᠤᠷᠴᠤᠳ ᠲᠤ ᠨᠠᠮᠠᠨᠴᠢᠯᠠᠵᠦ᠂ ᠦᠷᠡᠭᠳᠡᠭᠰᠡᠨ ᠪᠠᠭᠠᠳᠤᠷᠴᠤᠳ ᠢ ᠮᠦᠷᠦᠭᠡᠳᠦᠨ ᠰᠠᠨᠠᠭᠠᠯᠵᠠᠵᠦ ᠪᠠᠶᠢᠬᠤ ᠰᠡᠳᠬᠢᠯᠭᠡ ᠪᠠᠨ ᠢᠯᠡᠳᠭᠡᠪᠡ᠃ ᠰᠧᠴᠤᠸᠠᠨ ᠤ ᠮᠦᠯᠢ ᠶᠢᠨ ᠤᠢ ᠰᠢᠭᠤᠢ ᠶᠢᠨ ᠲᠦᠢᠮᠡᠷ ᠤᠨ ᠭᠠᠮᠰᠢᠬ ᠲᠤ ᠤᠢ ᠰᠢᠭᠤᠢ ᠶᠢᠨ ᠭᠠᠯ ᠰᠡᠷᠭᠡᠶᠢᠯᠡᠬᠦ ᠭᠠᠯ ᠤᠨᠳᠠᠷᠠᠭᠠᠬᠤ ᠠᠩᠭᠢ ᠶᠢᠨ 27 ᠵᠢᠯᠤᠭᠤᠳᠤᠭᠴᠢ ᠪᠠᠶᠢᠯᠳᠤᠭᠴᠢ ᠪᠤᠯᠤᠨ ᠤᠷᠤᠨ ᠨᠤᠲᠤᠭ ᠤᠨ 3 ᠭᠠᠯ ᠤᠨᠳᠠᠷᠠᠭᠠᠭᠴᠢ ᠪᠠᠭᠠᠳᠤᠷᠯᠢᠭ ᠢᠶᠠᠷ ᠪᠡᠶ᠎ᠠ ᠦᠷᠡᠭᠳᠡᠪᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ᠂ ᠰᠧᠴᠤᠸᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠤᠷᠢᠳ ᠬᠤᠵᠢᠳ ᠰᠧᠴᠤᠸᠠᠨ ᠤ ᠯᠢᠶᠠᠩᠱᠠᠨ ᠤ ᠮᠦᠯᠢ ᠶᠢᠨ ᠤᠢ ᠰᠢᠭᠤᠢ ᠶᠢᠨ ᠲᠦᠢᠮᠡᠷ ᠢ ᠤᠨᠳᠠᠷᠠᠭᠠᠵᠤ ᠪᠠᠶᠢᠭᠠᠳ ᠪᠠᠭᠠᠳᠤᠷᠯᠢᠭ ᠢᠶᠠᠷ ᠪᠡᠶ᠎ᠠ ᠦᠷᠡᠭᠳᠡᠭᠰᠡᠨ 30 ᠨᠦᠭᠦᠳ ᠢ ᠦᠷᠡᠭᠳᠡᠭᠰᠡᠨ ᠪᠠᠭᠠᠳᠤᠷ ᠢᠶᠠᠷ ᠦᠨᠡᠯᠡᠵᠦ᠂ ᠲᠡᠲᠡᠨ ᠳᠤ ᠨᠢᠭᠡᠳᠦᠭᠡᠷ ᠲᠡᠰ ᠤᠨ ᠭᠠᠪᠢᠶ᠎ᠠ ᠶᠢ ᠨᠡᠭᠡᠮᠵᠢᠯᠡᠨ ᠳᠡᠮᠳᠡᠭᠯᠡᠬᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ ᠢᠶᠠᠷ ᠨᠡᠭᠡᠮᠵᠢᠯᠡᠨ ᠲᠤᠭᠳᠠᠭᠠᠬᠤ ᠲᠤᠬᠠᠢ ᠴᠤᠬᠤᠯᠠᠪᠤᠷᠢ ᠪᠠ ᠵᠠᠷᠯᠢᠭ ᠢ ᠤᠩᠰᠢᠨ ᠨᠡᠶᠢᠳᠡᠯᠡᠪᠡ᠃      ᠸᠠᠩ ᠶᠦᠩ᠂ ᠡᠨᠡ ᠬᠦ ᠦᠬᠦᠵᠤ ᠰᠡᠭᠡᠬᠦ ᠶᠢᠨ ᠰᠢᠯᠭᠠᠯᠳᠠ ᠶᠢᠨ ᠡᠮᠦᠨ᠎ᠠ᠂ ᠪᠠᠶᠢᠯᠳᠤᠭᠠᠨ ᠳᠤ ᠤᠷᠤᠯᠴᠠᠭᠰᠠᠨ ᠪᠦᠬᠦ ᠬᠦᠮᠦᠰ ᠭᠠᠮᠰᠢᠬ ᠤᠨ ᠪᠠᠶᠢᠳᠠᠯ ᠢᠶᠠᠷ ᠵᠠᠷᠯᠢᠭ ᠪᠤᠯᠭᠠᠵᠦ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠡᠬᠦᠷᠭᠡ ᠬᠠᠷᠢᠭᠤᠴᠠᠯᠭ᠎ᠠ ᠪᠠᠨ ᠪᠤᠯᠭᠠᠵᠦ᠂ ᠠᠷᠢᠭᠤᠨ ᠴᠢᠰᠤ ᠪᠠ ᠠᠮᠢ ᠨᠠᠰᠤ ᠪᠠᠷ ᠢᠶᠠᠨ ︽ᠬᠦᠴᠢᠷ ᠪᠡᠷᠭᠡᠰᠢᠶᠡᠯ ᠠᠴᠠ ᠠᠶᠤᠬᠤ ᠦᠭᠡᠢ᠂ ᠦᠬᠦᠬᠦ ᠠᠴᠠ ᠠᠶᠤᠬᠤ ᠦᠭᠡᠢ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠳᠤ ᠦᠪᠡᠷ ᠤᠨ ᠠᠯᠢᠪᠠ ᠪᠠᠨ ᠵᠤᠷᠢᠭᠤᠯᠬᠤ︾ ᠬᠠᠳᠠᠨ ᠪᠠᠳᠤ ᠲᠠᠩᠭᠠᠷᠢᠭ ᠢᠶᠠᠨ ᠦᠢᠯᠡᠳᠦᠯᠭᠡᠵᠢᠬᠦᠯᠵᠡᠢ᠃ ᠡᠳᠡᠭᠡᠷ ᠦᠷᠡᠭᠳᠡᠭᠰᠡᠨ ᠪᠠᠭᠠᠳᠤᠷᠴᠤᠳ ᠪᠤᠯ ᠡᠬᠦᠨ ᠤ ᠳᠤᠮᠳᠠᠬᠢ ᠨᠡᠶᠢᠳᠡᠯᠢᠭ ᠲᠦᠯᠦᠭᠡᠯᠡᠭᠴᠢ᠂ ᠰᠢᠨ᠎ᠠ ᠴᠠᠭ ᠦᠶ᠎ᠠ ᠶᠢᠨ ᠲᠠᠭᠠᠨ ᠰᠤᠷᠤᠯᠴᠠᠬᠤ ᠳᠠᠭᠤᠷᠢᠶᠠᠯ ᠮᠦᠨ︕ ᠪᠠᠭᠠᠳᠤᠷᠴᠤᠳ ᠤᠨ ᠮᠠᠨᠢ ᠪᠠᠭᠠᠳᠤᠷᠯᠢᠭ ᠦᠢᠯᠡ ᠠᠵᠢᠯᠯᠠᠭ᠎ᠠ ᠨᠢ ᠪᠦᠬᠦᠳᠠ ᠨᠠᠶᠢᠷᠠᠮᠳᠠᠬᠤ ᠤᠯᠤᠰ ᠤᠨ ᠲᠡᠦᠭᠡ ᠰᠤᠳᠤᠷ ᠲᠤ ᠦᠨᠢᠳᠠ ᠳᠡᠮᠳᠡᠭᠯᠡᠭᠳᠡᠨ᠎ᠠ︕ ᠡᠯ᠎ᠠ ᠱᠠᠳᠤᠨ ᠤ ᠭᠠᠯ ᠰᠡᠷᠭᠡᠶᠢᠯᠡᠬᠦ ᠭᠠᠯ ᠤᠨᠳᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠰᠤᠷᠭᠠᠯ ᠦᠭᠡ ᠶᠢ ᠢᠮᠠᠬᠳᠠ ᠪᠠᠳᠤ ᠴᠡᠭᠡᠵᠢᠯᠡᠵᠦ᠂ ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠳᠤ ᠴᠢᠩᠭ᠎ᠠ ᠳᠤᠳᠤᠷᠬᠠᠢ᠂ ᠲᠠᠷᠬᠢᠯᠤᠭᠰᠠᠠ ᠲᠤᠭᠤᠭᠠᠨ ᠳᠤ ᠤᠷᠤᠵᠤ ᠲᠦᠷᠡᠯᠵᠡᠭᠰᠡᠡ ᠭᠠᠯ ᠳᠤ ᠬᠠᠷᠠᠶᠢᠬᠤ᠂ ᠠᠷᠠᠳ ᠲᠦᠮᠡᠨ ᠳᠤ ᠦᠨᠡᠨᠴᠢ ᠪᠠᠷ ᠦᠢᠯᠡᠴᠢᠯᠡᠬᠦ ᠲᠦᠪ ᠴᠢᠩᠭ᠎ᠠ ᠠᠮᠠᠯᠠᠯᠳᠠ ᠪᠠᠨ ᠦᠢᠯᠡᠳᠦᠯᠭᠡᠵᠢᠬᠦᠯᠵᠦ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠵᠦ᠂ ᠤᠷᠦ᠋ᠢᠯᠠᠬᠰᠠᠨ ᠴᠢᠳᠠᠪᠤᠷᠢ ᠶᠢ ᠲᠠᠪᠳᠠᠨ ᠪᠤᠯᠪᠠᠰᠤᠷᠠᠭᠤᠯᠵᠦ᠂ ᠨᠠᠮ ᠪᠤᠯᠤᠨ ᠤᠯᠤᠰ ᠤᠨ ᠤᠷᠳᠤ ᠤᠳᠠᠭᠠᠨ ᠤ ᠠᠮᠤᠷ ᠲᠤᠭᠳᠠᠭᠤᠨ᠂ ᠠᠷᠠᠳ ᠲᠦᠮᠡᠨ ᠤ ᠠᠮᠤᠷ ᠵᠢᠮᠤᠷ ᠠᠵᠦ ᠲᠦᠷᠦᠬᠦ ᠶᠢ ᠪᠠᠳᠤᠯᠠᠬᠤ ᠳᠤ ᠲᠠᠬᠢᠨ ᠰᠢᠨ᠎ᠠ ᠭᠠᠪᠢᠶ᠎ᠠ ᠪᠠᠶᠢᠭᠤᠯᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠲᠡᠷᠭᠡᠯᠰᠢᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠰᠦᠭᠡᠢ ᠭᠡᠵᠦ ᠵᠢᠭᠠᠵᠦ ᠭᠠᠷᠭᠠᠪᠠ᠃      ᠨᠡᠶᠢᠭᠡᠮ ᠤᠨ ᠡᠯ᠎ᠠ ᠡᠳᠡᠭᠡᠳ ᠤᠨ 3000 ᠭᠠᠷᠤᠢ ᠬᠦᠮᠦᠰ ᠭᠠᠰᠢᠭᠤᠳᠠᠬᠤ ᠠᠵᠢᠯᠯᠠᠭ᠎ᠠ ᠳᠤ ᠤᠷᠤᠯᠴᠠᠵᠠᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ ᠤ ᠬᠢᠨ ᠶᠠᠮᠤᠨ ᠤ ᠪᠠᠶᠢᠭᠤᠯᠭ᠎ᠠ ᠳᠤ ᠭᠠᠰᠢᠭᠤᠳᠠᠯ ᠤᠨ ᠲᠠᠩᠬᠢᠮ ᠲᠤᠬᠢᠷᠠᠭᠤᠯᠵᠦ᠂ ᠭᠠᠰᠢᠭᠤᠳᠠᠬᠤ ᠠᠵᠢᠯᠯᠠᠭ᠎ᠠ ᠶᠢ ᠵᠡᠷᠭᠡ ᠪᠠᠷ ᠶᠠᠪᠤᠭᠳᠠᠭᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号