4 ᠰᠠᠷ᠎ᠠ ᠶᠢᠨ 2 ᠤᠨ ᠡᠳᠦᠷ ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ | ᠦᠨᠳᠦᠰᠦᠨ ᠳᠡᠭᠡᠨ ᠳᠡᠩᠴᠡᠬᠦᠷᠢᠲᠡᠢ ᠪᠠᠶᠢᠬᠤ ᠬᠦᠭᠵᠢᠯᠲᠡ ᠶᠢᠨ ᠳᠠᠪᠳᠠᠨ ᠪᠠᠶᠢᠴᠠᠭᠠᠯᠳᠠ ᠶᠢᠨ ᠬᠠᠷᠢᠭᠤ | ᠮᠡᠳᠡᠬᠦᠯᠦᠯᠲᠡ ᠵᠢᠴᠢ ᠬᠠᠷᠢᠭᠤ ᠳᠣᠰᠬᠠᠯᠳᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ | ᠲᠤ ᠬᠤᠷᠠᠯᠳᠣᠭᠰᠠᠨ ᠪᠠᠶᠢᠨ᠎ᠠ᠃ ᠬᠤᠳᠠ ᠶᠢᠨ ᠳᠠᠪᠳᠠᠨ ᠪᠠᠶᠢᠴᠠᠭᠠᠬᠤ ᠳᠣᠭᠤᠶᠢᠯᠠᠩ ᠤᠨ ᠬᠡᠰᠢᠬᠦᠳ ᠪᠠ ᠬᠤᠰᠢᠭᠤ | ᠳᠡᠳ᠋ ᠳᠠᠷᠤᠭ᠎ᠠ ᠪᠠᠶᠠᠨᠴᠢᠮᠡᠭ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ | ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠠᠶᠠᠨᠴᠢᠮᠡᠭ ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ | ᠦᠨᠳᠦᠰᠦᠨ ᠳᠡᠭᠡᠨ ᠳᠡᠩᠴᠡᠬᠦᠷᠢᠲᠡᠢ ᠪᠠᠶᠢᠬᠤ ᠬᠦᠭᠵᠢᠯᠲᠡ ᠶᠢᠨ ᠠᠵᠢᠯ ᠤᠨ ᠳᠣᠬᠠᠢ ᠬᠠᠷᠢᠭᠤ ᠮᠡᠳᠡᠬᠦᠯᠦᠯᠲᠡ | ᠬᠢᠪᠡ᠃ ᠳᠠᠪᠳᠠᠨ ᠪᠠᠶᠢᠴᠠᠭᠠᠬᠤ ᠳᠣᠭᠤᠶᠢᠯᠠᠩ ᠠᠴᠠ ᠳᠠᠪᠳᠠᠨ ᠪᠠᠶᠢᠴᠠᠭᠠᠭᠰᠠᠨ ᠰᠠᠨᠠᠯ ᠰᠠᠨᠠᠭᠤᠯᠭ᠎ᠠ ᠪᠠᠨ ᠳᠣᠰᠬᠠᠵᠦ | ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠦᠨᠳᠦᠰᠦᠨ ᠳᠡᠭᠡᠨ ᠳᠡᠩᠴᠡᠬᠦᠷᠢᠲᠡᠢ ᠪᠠᠶᠢᠬᠤ | ᠬᠦᠭᠵᠢᠯᠲᠡ ᠶᠢᠨ ᠠᠵᠢᠯ ᠳᠤ ᠵᠢᠯᠣᠭᠤᠳᠣᠯᠭ᠎ᠠ ᠪᠣᠯᠣᠭᠰᠠᠨ ᠪᠠᠶᠢᠨ᠎ᠠ᠃ | ᠬᠤᠷᠠᠯ ᠠᠴᠠ ᠱᠠᠭᠠᠷᠳᠠᠬᠤ ᠳᠠᠭᠠᠨ᠂ ᠳᠠᠪᠳᠠᠨ ᠪᠠᠶᠢᠴᠠᠭᠠᠬᠤ ᠳᠣᠭᠤᠶᠢᠯᠠᠩ ᠤᠨ ᠱᠠᠭᠠᠷᠳᠠᠯᠭ᠎ᠠ ᠶᠣᠰᠣᠭᠠᠷ | ᠢᠳᠡᠪᠬᠢᠲᠡᠢ ᠬᠠᠮᠵᠢᠯᠴᠠᠵᠦ ᠨᠠᠷᠢᠨ ᠬᠢᠨᠠᠮᠠᠭᠠᠢ ᠪᠠᠷ ᠴᠡᠭᠴᠡᠯᠡᠨ ᠨᠠᠶᠢᠲᠠᠪᠤᠷᠢᠵᠢᠭᠤᠯᠵᠤ ᠠᠯᠪᠠᠨ ᠵᠢᠷᠣᠮ ᠤᠨ ᠰᠣᠷᠭᠠᠨ | ᠬᠦᠮᠦᠵᠢᠯ ᠤᠨ ᠦᠨᠳᠦᠰᠦᠨ ᠳᠡᠭᠡᠨ ᠳᠡᠩᠴᠡᠬᠦᠷᠢᠲᠡᠢ ᠪᠠᠶᠢᠬᠤ ᠬᠦᠭᠵᠢᠯᠲᠡ ᠶᠢᠨ ᠡᠯ᠎ᠡ ᠠᠵᠢᠯ ᠤᠨ ᠡᠬᠦᠷᠭᠡ ᠶᠢ ᠪᠦᠬᠦ | ᠳᠠᠯ᠎ᠠ ᠪᠠᠷ ᠲᠤᠭᠤᠰᠢᠯᠠᠭᠤᠯᠤᠨ ᠦᠪᠦᠷ ᠮᠣᠩᠭᠤᠯ᠂ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ | ᠦᠨᠳᠦᠰᠦᠨ ᠳᠡᠭᠡᠨ ᠳᠡᠩᠴᠡᠬᠦᠷᠢᠲᠡᠢ ᠪᠠᠶᠢᠬᠤ ᠬᠦᠭᠵᠢᠯᠲᠡ ᠶᠢᠨ ᠰᠢᠯᠭᠠᠯᠳᠠ ᠶᠢ ᠣᠭᠳᠣᠬᠤ ᠬᠡᠷᠡᠭᠲᠡᠢ ᠬᠡᠪᠡ᠃ | |