ᠵᠠᠮ ᠬᠠᠷᠢᠯᠴᠠᠭᠠᠨ ᠤ ᠢᠳᠬᠠᠨ ᠵᠢᠯᠤᠭᠤᠳᠤᠭᠴᠢ ᠵᠠᠮ ᠬᠠᠷᠢᠯᠴᠠᠭᠠᠨ ᠤ ᠡᠮᠬᠢ ᠲᠢᠭᠯᠢᠮ ᠢ ᠵᠢᠷᠤᠮᠵᠢᠭᠤᠯᠤᠨ ᠤᠯᠠᠨ ᠲᠦᠮᠡᠨ ᠤ ᠠᠮᠤᠷ ᠲᠦᠪᠰᠢᠨ ᠳᠤ ᠪᠠᠳᠤᠯᠠᠭ᠎ᠠ ᠬᠠᠩᠭᠠᠵᠤ ᠪᠤᠢ
ᠨᠡᠶᠢᠲᠡᠯᠡᠭᠰᠡᠨ ᠴᠠᠭ᠄
2019-04-08
     ᠠᠵᠤ ᠠᠬᠤᠢ ᠨᠡᠶᠢᠬᠡᠮ ᠤᠨ ᠲᠦᠷᠬᠡᠨ ᠬᠦᠭᠵᠢᠯᠳᠡ ᠶᠢ ᠲᠠᠭᠠᠯᠳᠤᠨ ᠮᠠᠯᠵᠢᠬᠤ ᠲᠠᠷᠢᠶᠠᠯᠠᠬᠤ ᠤᠷᠤᠨ ᠤ ᠵᠠᠮ ᠬᠠᠷᠢᠯᠴᠠᠭ᠎ᠠ ᠤᠷᠢᠳᠤ ᠡᠮᠦᠨ᠎ᠡ ᠭᠠᠷᠤᠭ᠎ᠠ ᠦᠬᠡᠢ ᠬᠦᠭᠵᠢᠯᠳᠡ ᠪᠠᠨ ᠤᠯᠤᠭᠰᠠᠨ ᠪᠠᠶᠢᠳᠠᠭ᠃ ᠡᠨᠡᠬᠦ ᠪᠠᠶᠢᠳᠠᠯ ᠳᠤ ᠬᠠᠨᠳᠤᠭᠤᠯᠤᠨ ᠮᠠᠨ ᠤ ᠬᠤᠰᠢᠭᠤᠨ ᠤ ᠬᠢᠨ ᠵᠠᠮ ᠬᠠᠷᠢᠯᠴᠠᠭᠠᠨ ᠤ ᠲᠤᠰᠬᠠᠢ ᠢᠳᠬᠠᠨ ᠵᠢᠯᠤᠭᠤᠳᠤᠭᠴᠢ ᠶᠢ ᠲᠤᠬᠢᠷᠠᠭᠤᠯᠵᠤ ᠵᠠᠮ ᠬᠠᠷᠢᠯᠴᠠᠭᠠᠨ ᠤ ᠡᠮᠬᠢ ᠲᠢᠭᠯᠢᠮ ᠢ ᠵᠢᠷᠤᠮᠵᠢᠭᠤᠯᠤᠨ ᠤᠯᠠᠨ ᠲᠦᠮᠡᠨ ᠤ ᠠᠮᠤᠷ ᠲᠦᠪᠰᠢᠨ ᠳᠤ ᠪᠠᠳᠤᠯᠠᠭ᠎ᠠ ᠬᠠᠩᠭᠠᠵᠤ ᠪᠤᠢ᠃      ᠵᠠᠮ ᠬᠠᠷᠢᠯᠴᠠᠭᠠᠨ ᠤ ᠢᠳᠬᠠᠨ ᠵᠢᠯᠤᠭᠤᠳᠤᠭᠴᠢ ᠤᠬᠠᠭᠤᠯᠭ᠎ᠠ ᠬᠢᠬᠦ ᠠᠴᠠ ᠭᠠᠳᠠᠨ᠎ᠠ ᠪᠠᠶᠢᠴᠠᠭᠠᠬᠤ᠂ ᠢᠳᠬᠠᠬᠤ᠂ ᠵᠠᠯᠠᠷᠠᠭᠤᠯᠬᠤ᠂ ᠮᠡᠳᠡᠬᠦᠯᠬᠦ ᠵᠡᠷᠬᠡ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠦ ᠪᠠᠶᠠᠷ ᠲᠤᠷᠠᠰᠬᠠᠯ ᠤᠨ ᠡᠳᠦᠷ᠂ ᠤᠨᠴᠠᠭᠠᠢ ᠬᠦᠳᠡᠯᠬᠡᠬᠡᠨ ᠦᠷᠨᠢᠬᠦᠯᠬᠦ ᠡᠳᠦᠷ᠂ ᠴᠠᠭ ᠠᠭᠤᠷ ᠮᠠᠭᠤᠳᠠᠭᠰᠠᠨ ᠡᠳᠦᠷ ᠲᠤ ᠵᠠᠪᠠᠯ ᠵᠠᠮ ᠳᠤ ᠭᠠᠷᠴᠤ ᠠᠮᠤᠷ ᠲᠦᠪᠰᠢᠨ ᠢ ᠪᠠᠳᠤᠯᠠᠬᠤ ᠶᠢ ᠬᠠᠷᠢᠭᠤᠴᠠᠳᠠᠭ᠃      ᠮᠠᠨ ᠤ ᠬᠤᠰᠢᠭᠤ ᠣᠷᠢᠳ ᠬᠤᠵᠢᠳ 280 ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠵᠤ  ᠵᠢᠷᠭᠤᠭᠠᠨ ᠰᠤᠮᠤ ᠪᠠᠯᠭᠠᠰᠤᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠵᠢᠯᠤᠭᠤᠳᠬᠤ ᠦᠷᠳᠡᠭᠡ  ᠶᠢ 23 ᠪᠠᠶᠢᠭᠤᠯᠵᠤ᠂ 59 ᠭᠠᠴᠠᠭ᠎ᠠ ᠲᠤᠰᠬᠤᠨ ᠳᠤ 94 ᠢᠳᠬᠠᠨ ᠵᠢᠯᠤᠭᠤᠳᠤᠭᠴᠢ ᠶᠢ ᠡᠯᠰᠡᠨ ᠬᠡᠷᠡᠭᠯᠡᠵᠦ  ᠦᠨᠳᠦᠰᠦᠨ ᠱᠠᠳᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠪᠠᠳᠤᠯᠠᠭ᠎ᠠ ᠪᠤᠯᠤᠭᠰᠠᠨ ᠪᠠᠶᠢᠨ᠎ᠠ᠃      ᠮᠠᠨ ᠤ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠯᠢᠨ ᠸᠧᠨ᠄ ︽ᠵᠠᠮ ᠬᠠᠷᠢᠯᠴᠠᠭᠠᠨ ᠤ ᠢᠳᠬᠠᠨ ᠵᠢᠯᠤᠭᠤᠳᠤᠭᠴᠢ ᠶᠢᠨ ᠬᠡᠪ ᠪᠤᠯᠪᠠᠰᠤᠷᠠᠯ ᠪᠤᠯᠤᠨ ᠤᠨᠤᠯ ᠤᠨ ᠲᠦᠪᠰᠢᠨ ᠢ ᠲᠡᠬᠡᠭᠰᠢᠯᠡᠬᠦᠯᠵᠦ ᠤᠯᠠᠨ ᠲᠦᠮᠡᠨ ᠳᠤ ᠰᠠᠶᠢᠳᠤᠷ ᠦᠢᠯᠡᠴᠢᠯᠡᠬᠦᠯᠬᠦ ᠶᠢᠨ ᠬᠠᠮᠲᠤ ᠬᠠᠷᠢᠶ᠎ᠠ ᠲᠤᠭᠤᠷᠢᠭ ᠤᠨ  ᠤᠯᠠᠨ ᠲᠦᠮᠡᠨ ᠲᠠᠢ ᠬᠠᠷᠢᠯᠴᠠᠬᠤ ᠲᠤᠰᠬᠠᠢ ᠺᠠᠷᠲ᠂ ᠲᠠᠩᠰᠠ ᠡᠪᠬᠡᠮᠠᠯ ᠭᠠᠷᠭᠠᠵᠤ ᠲᠤᠰ ᠦᠢᠯᠡᠴᠢᠯᠡᠭᠡ ᠶᠢ ᠤᠯᠠᠮ ᠬᠦᠨᠵᠡᠬᠡᠶᠢᠷᠡᠬᠦᠯᠬᠦ ᠪᠠᠷ ᠴᠢᠷᠮᠠᠶᠢᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号