ᠮᠠᠨ ᠤ ᠬᠤᠰᠢᠭᠤ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠤᠯᠳᠠ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠤᠰᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2019-04-08
     ᠣᠶᠢᠷ᠎ᠠ ᠶᠢᠨ ᠵᠢᠯ ᠳᠤ ᠮᠠᠨ ᠤ ᠬᠤᠰᠢᠭᠤ ᠮᠠᠯᠴᠢᠨ ᠲᠠᠷᠢᠶᠠᠴᠢᠨ ᠤ ᠰᠢᠨᠵᠢᠯᠡᠬᠦ ᠣᠬᠠᠭᠠᠨ ᠤ ᠰᠤᠶᠤᠯ ᠮᠡᠳᠡᠯᠬᠡ ᠶᠢ ᠲᠡᠭᠡᠭᠰᠢᠯᠡᠬᠦᠯᠵᠦ ᠣᠳᠤᠬᠢᠴᠢᠯᠠᠭᠰᠠᠨ ᠲᠠᠷᠢᠵᠦ ᠣᠷᠭᠤᠭᠤᠯᠬᠤ ᠪᠠ ᠲᠡᠵᠢᠬᠡᠨ ᠠᠷᠠᠴᠢᠯᠠᠬᠤ ᠰᠢᠨ᠎ᠡ ᠠᠷᠭ᠎ᠠ ᠲᠤᠷᠰᠢᠯᠭ᠎ᠠ ᠶᠢ ᠢᠳᠡᠪᠬᠢᠳᠠᠢ ᠲᠦᠬᠡᠮᠡᠯᠵᠢᠬᠦᠯᠤᠨ ᠬᠢᠵᠠᠭᠠᠷ ᠲᠠᠢ ᠡᠬᠢ ᠪᠠᠶᠠᠯᠢᠭ ᠠᠴᠠ ᠦᠨᠳᠤᠷ ᠦᠷ᠎ᠡ ᠠᠰᠢᠭ ᠣᠯᠬᠤ ᠶᠢ ᠴᠢᠷᠮᠠᠶᠢᠨ ᠪᠡᠶᠡᠯᠡᠬᠦᠯᠵᠦ ᠬᠦᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠦᠷᠢᠵᠢᠭᠤᠯᠬᠤ ᠳᠤ ᠲᠤᠰᠠᠯᠠᠵᠤ ᠪᠠᠶᠢᠨ᠎ᠠ᠃      ᠣᠶᠢᠷ᠎ᠠ ᠶᠢᠨ ᠡᠳᠤᠷ ᠮᠠᠨ ᠤ ᠬᠤᠰᠢᠭᠤᠨ ᠤ ᠰᠢᠨᠵᠢᠯᠡᠭᠡ ᠮᠡᠷᠬᠡᠵᠢᠯ ᠤᠨ ᠨᠡᠶᠢᠬᠡᠮᠯᠢᠭ ᠨᠢ ᠬᠤᠰᠢᠭᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠪᠠ ᠬᠠᠮᠢᠶᠠᠳᠠᠢ ᠠᠵᠦ ᠠᠬᠤᠶᠢᠯᠠᠯ ᠤᠨ ᠲᠤᠰᠬᠠᠢ ᠮᠡᠷᠬᠡᠵᠢᠯᠳᠡᠨ ᠢ ᠣᠷᠢᠵᠦ ᠣᠯᠠᠭᠠᠨᠳᠤᠯᠤᠭᠠᠢ ᠪᠠᠯᠭᠠᠰᠤᠨ ᠤ ᠪᠠᠶᠠᠠᠰᠢᠯᠢ ᠭᠠᠴᠠᠭᠠᠨ ᠤ ᠮᠠᠯᠴᠢᠳ ᠲᠤ ᠣᠷᠳᠤᠰ ᠨᠠᠷᠢᠨ ᠨᠤᠤᠰᠤᠳᠤ ᠬᠤᠨᠢ ᠶᠢ ᠠᠷᠠᠴᠢᠯᠠᠨ ᠮᠠᠯᠵᠢᠬᠤ᠂ ᠡᠬᠦᠯᠳᠡᠷ ᠰᠠᠶᠢᠵᠢᠷᠠᠭᠤᠯᠬᠤ᠂ ᠲᠦᠯ ᠮᠠᠯ ᠢ ᠬᠠᠮᠠᠭᠠᠯᠠᠵᠤ ᠰᠡᠷᠬᠡᠶᠢᠯᠡᠬᠦ ᠲᠠᠯ᠎ᠠ ᠪᠠᠷ  ᠬᠢ ᠠᠷᠭ᠎ᠠ ᠲᠡᠮ ᠪᠠ  ᠰᠢᠨ᠎ᠡ ᠡᠬᠦᠯᠳᠡᠷ ᠤᠨ ᠡᠷᠳᠡᠨᠢ ᠰᠢᠰᠢ᠂ ᠪᠤᠷᠤ ᠬᠤᠰᠢᠶᠠᠩᠭᠤᠷ ᠵᠡᠷᠭᠡ ᠲᠡᠵᠢᠬᠡᠯ ᠪᠤᠷᠳᠤᠭᠠᠨ ᠤ ᠲᠠᠷᠢᠮᠠᠯ ᠢ ᠲᠠᠷᠢᠬᠤ ᠰᠢᠨᠵᠢᠯᠡᠬᠦ ᠣᠬᠠᠭᠠᠨᠴᠢ ᠠᠷᠭ᠎ᠠ ᠮᠡᠷᠬᠡᠵᠢᠯ᠂ ᠠᠩᠬᠠᠷᠬᠤ ᠴᠢᠬᠤᠯᠠᠲᠠᠢ ᠵᠦᠢᠯᠡᠰ ᠵᠡᠷᠭᠡ ᠮᠡᠳᠡᠯᠬᠡ ᠮᠡᠳᠡᠴᠡ ᠶᠢ ᠰᠢᠰᠲ᠋ᠧᠮ ᠲᠠᠢ ᠲᠠᠶᠢᠯᠪᠤᠷᠢᠯᠠᠵᠦ ᠮᠠᠯᠴᠢᠳ ᠲᠠᠢ ᠬᠠᠮᠳᠤ ᠪᠠᠷ ᠠᠷᠭ᠎ᠠ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃      ᠣᠨᠣᠯ ᠤᠨ ᠬᠢᠴᠢᠶᠡᠯᠯᠡᠭᠡ ᠤᠨ ᠲᠠᠷᠠᠭ᠎ᠠ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠤᠨ ᠲᠤᠭᠤᠶᠢᠯᠠᠩ ᠬᠤᠪᠢᠶᠠᠵᠦ ᠠᠬᠤᠢ ᠲᠠᠯᠠᠪᠠᠢ ᠳᠤ ᠵᠢᠭᠠᠨ ᠵᠢᠯᠤᠭᠤᠳᠬᠤ ᠱᠠᠭᠠᠷᠳᠠᠯᠭ᠎ᠠ ᠲᠠᠢ ᠮᠠᠯᠴᠢᠨ ᠡᠷᠤᠬᠡ ᠪᠠᠷ ᠬᠦᠷᠴᠦ ᠲᠦᠯ ᠮᠠᠯ ᠤᠨ ᠡᠪᠡᠳᠴᠢᠨ ᠬᠢᠵᠢᠭ᠂ ᠲᠠᠷᠢᠶᠠᠨ ᠪᠤᠷᠳᠤᠭᠤᠷ ᠤᠨ ᠰᠤᠩᠭᠤᠯᠳᠠ ᠵᠡᠷᠭᠡ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠤᠯᠭᠠᠷᠠᠭᠰᠠᠨ ᠡᠭᠡᠳᠡᠷᠭᠡᠨ ᠲᠠᠢ ᠠᠰᠠᠭᠤᠳᠠᠯ ᠢ ᠪᠠᠶᠢᠴᠠᠭᠠᠨ ᠦᠵᠡᠵᠦ ᠬᠠᠨᠳᠤᠯᠭᠠᠳᠤ ᠴᠢᠨᠠᠷᠳᠠᠢ  ᠠᠷᠭ᠎ᠠ ᠲᠦᠰᠦᠯ ᠲᠤᠭᠳᠠᠭᠠᠵᠦ ᠦᠭᠴᠠᠢ᠃      2018 ᠣᠨ ᠳᠤ ᠮᠠᠨ ᠤ ᠬᠤᠰᠢᠭᠤᠨ ᠤ ᠰᠢᠨᠵᠢᠯᠡᠭᠡ ᠮᠡᠷᠬᠡᠵᠢᠯ ᠤᠨ ᠨᠡᠶᠢᠬᠡᠮᠯᠢᠭ ᠵᠠᠰᠠᠭ ᠤᠨ ᠣᠷᠳᠤᠨ  ᠠᠴᠠ ᠣᠳᠤᠷᠢᠳᠤᠨ ᠬᠠᠮᠢᠶᠠᠳᠠᠢ ᠰᠠᠯᠠᠭ᠎ᠠ ᠮᠥᠴᠢᠷ ᠢᠳᠡᠪᠬᠢᠳᠠᠢ ᠬᠠᠮᠵᠢᠯᠴᠠᠵᠦ ᠨᠡᠶᠢᠬᠡᠮᠯᠢᠭ ᠪᠠ ᠰᠠᠭᠤᠷᠢᠨ ᠭᠠᠵᠠᠷ  ᠢᠶᠠᠷ ᠭᠤᠤᠯᠯᠠᠨ ᠮᠠᠯᠴᠢᠨ ᠲᠠᠷᠢᠶᠠᠴᠢᠳ ᠢᠳᠡᠪᠬᠢᠳᠡᠢ ᠣᠷᠤᠯᠴᠠᠬᠤ ᠰᠢᠨ᠎ᠡ ᠬᠡᠯᠪᠡᠷᠢ ᠶᠢᠨ ᠲᠦᠬᠡᠮᠡᠯᠵᠢᠬᠦᠯᠤᠯᠳᠠ ᠶᠢᠨ ᠲᠦᠰᠦᠪ ᠲᠦᠯᠦᠪᠵᠢᠬᠦᠯᠬᠡ ᠶᠢ ᠬᠡᠷᠡᠭᠵᠢᠬᠦᠯᠵᠦ ᠲᠤᠰᠬᠠᠢ ᠮᠡᠷᠭᠡᠵᠢᠯᠲᠡᠨ ᠢ ᠣᠷᠢᠨ ᠬᠢᠴᠢᠶᠡᠯᠯᠡᠭᠡ ᠪᠤᠯᠪᠠᠰᠤᠷᠠᠯ᠂ ᠠᠰᠠᠭᠤᠨ ᠯᠠᠪᠯᠠᠯᠳᠠ᠂ ᠠᠬᠤᠢ ᠲᠠᠯᠠᠪᠠᠢ ᠶᠢᠨ ᠵᠢᠭᠠᠨ ᠰᠤᠷᠭᠠᠯᠳᠠ ᠪᠠ ᠲᠤᠤᠷ ᠰᠦᠯᠵᠢᠶ᠎ᠡ ᠪᠠᠷ ᠦᠢᠯᠡᠴᠢᠯᠡᠬᠦ ᠵᠡᠷᠭᠡ ᠠᠵᠢᠯᠯᠠᠭ᠎ᠠ ᠶᠢ ᠪᠠᠶᠢᠩᠭᠤ ᠶᠢᠨ ᠴᠢᠨᠠᠷᠳᠠᠢ ᠦᠷᠨᠢᠬᠦᠯᠵᠦ᠂ ᠪᠦᠬᠦ ᠬᠤᠰᠢᠭᠤᠨ ᠤ 6 ᠰᠤᠮᠤ ᠪᠠᠯᠭᠠᠰᠤ 74 ᠭᠠᠴᠠᠭ᠎ᠠ ᠲᠤᠰᠬᠤᠨ ᠳᠤ ᠢᠵᠢᠯ ᠠᠯᠬᠤᠮ ᠢᠶᠠᠷ ᠠᠬᠢᠭᠤᠯᠤᠨ᠂ 4300 ᠭᠠᠷᠤᠢ ᠬᠦᠮᠤᠨ ᠤᠳᠠᠭ᠎ᠠ ᠶᠢᠨ ᠪᠤᠯᠪᠠᠰᠤᠷᠠᠯ ᠵᠢᠯᠤᠭᠤᠳᠤᠯᠭ᠎ᠠ ᠶᠢ ᠪᠡᠶᠡᠯᠡᠬᠦᠯᠦᠭᠰᠡᠨ ᠰᠠᠭᠤᠷᠢᠨ ᠲᠡᠭᠡᠷ᠎ᠡ ᠡᠨᠡ ᠵᠢᠯ ᠪᠠᠰᠠ ᠡᠨᠡᠬᠦ ᠪᠠᠶᠢᠷᠢᠯᠠᠭᠤᠯᠤᠯᠲᠠ ᠪᠠᠨ ᠦᠷᠬᠦᠯᠵᠢᠯᠡᠨ ᠪᠠᠳᠤᠳᠬᠠᠵᠦ ᠰᠢᠨ᠎ᠡ ᠲᠦᠷᠦᠯ ᠤᠨ ᠲᠠᠷᠢᠮᠠᠯ ᠤᠨ ᠦᠷ᠎ᠡ ᠬᠦᠷᠦᠩᠬᠡ ᠶᠢ ᠬᠠᠭᠠᠰ ᠦᠨ᠎ᠡ ᠪᠠᠷ ᠪᠤᠷᠤᠯᠠᠭᠤᠯᠬᠤ᠂ ᠦᠨ᠎ᠡ ᠲᠦᠯᠦᠪᠦᠷᠢ ᠦᠭᠡᠢ ᠮᠡᠷᠬᠡᠵᠢᠯ ᠤᠨ ᠵᠢᠯᠤᠭᠤᠳᠤᠯᠭ᠎ᠠ ᠬᠢᠬᠦ ᠵᠡᠷᠭᠡ ᠠᠷᠭ᠎ᠠ ᠪᠠᠷᠢᠯ ᠢᠶᠠᠷ ᠮᠠᠯᠴᠢᠨ ᠲᠠᠷᠢᠶᠠᠴᠢᠨ ᠤ ᠣᠳᠤᠬᠢᠴᠢᠯᠠᠭᠰᠠᠨ ᠲᠠᠷᠢᠵᠦ ᠣᠷᠭᠤᠭᠤᠯᠬᠤ ᠪᠠ ᠲᠡᠵᠢᠬᠡᠨ ᠠᠷᠠᠴᠢᠯᠠᠬᠤ ᠠᠷᠭ᠎ᠠ ᠲᠤᠷᠰᠢᠯᠭ᠎ᠠ ᠰᠤᠷᠤᠯᠴᠠᠨ ᠡᠵᠡᠮᠰᠢᠬᠦ ᠣᠷᠮ᠎ᠠ   ᠶᠢ ᠬᠦᠭᠵᠢᠬᠡᠵᠦ ᠣᠷᠤᠯᠭ᠎ᠠ ᠶᠢᠨ ᠨᠡᠮᠡᠭᠳᠡᠯ ᠢ ᠠᠬᠢᠭᠤᠯᠵᠦ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号