ᠨᠢᠦ ᠵᠢᠶᠦ᠋ᠨ ᠶᠠᠨ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-04-08
     4 ᠰᠠᠷ᠎ᠠ ᠶᠢᠨ 1 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠢᠦ ᠵᠢᠶᠦ᠋ᠨ ᠶᠠᠨ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠳᠣᠭᠤᠰᠢᠯᠠᠭᠤᠯᠵᠣ ᠠᠮᠢ ᠠᠬᠤᠢ ᠶᠢ ᠲᠡᠷᠢᠬᠦᠨ ᠪᠠᠶᠢᠷᠢᠨ ᠳᠤ ᠳᠠᠯᠪᠢᠨ ᠨᠤᠮᠢᠨ ᠳᠠᠩᠰᠤᠭ ᠬᠦᠭᠵᠢᠯᠲᠡ ᠪᠠᠷ ᠬᠦᠳᠦᠯᠪᠦᠷᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ ᠡᠬᠡ ᠤᠯᠤᠰ ᠤᠨ ᠤᠮᠠᠷᠠᠳᠤ ᠬᠢᠯᠢ ᠬᠢᠵᠠᠭᠠᠷ ᠤᠷᠤᠨ ᠤ ᠨᠤᠮᠢᠨ ᠨᠣᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠵᠤ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠰᠤ᠋ ᠼᠦᠢ ᠹᠠᠩ᠂ ᠱᠢ ᠯᠢᠶᠠᠩ᠂ ᠮᠠ ᠶᠥᠩ ᠹᠧᠢ᠂ ᠯᠢᠦ ᠵᠢᠶᠠᠨ ᠰᠢᠶᠦ᠋ᠨ ᠪᠠᠶᠢᠴᠠᠭᠠᠨ ᠰᠣᠳᠣᠯᠣᠯᠳᠠ ᠳᠤ ᠣᠷᠣᠯᠴᠠᠵᠣ ᠬᠤᠰᠢᠭᠤ ᠤᠳᠤᠷᠢᠳᠤᠯᠭ᠎ᠠ ᠵᠤᠤ ᠹᠧᠢ ᠯᠤ᠋᠂ ᠰᠤᠷᠭᠠᠯᠳᠤ᠂ ᠵᠤᠦ ᠶᠥᠩ ᠹᠧᠩ᠂ ᠼᠣᠣ ᠶᠢᠨ ᠱᠠᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃
     ᠨᠢᠦ ᠵᠢᠶᠦ᠋ᠨ ᠶᠠᠨ ᠲᠤᠭ ᠪᠠᠯᠭᠠᠰᠤᠨ ᠤ ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠦᠷᠢᠯᠡᠬᠦ ᠦᠢᠯᠡᠳᠪᠦᠷᠢ ᠳᠤ ᠬᠦᠷᠴᠣ ᠲᠦᠷᠦᠯ ᠵᠦᠢᠯ ᠤᠨ ᠮᠡᠷᠭᠡᠵᠢᠯ᠂ ᠰᠢᠢᠳᠪᠦᠷᠢᠯᠡᠬᠦ ᠴᠢᠳᠠᠪᠦᠷᠢ ᠵᠡᠷᠭᠡ ᠪᠠᠶᠢᠳᠠᠯ ᠢ ᠨᠠᠷᠢᠨ ᠤᠶᠢᠯᠠᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠬᠦᠳᠦᠯᠲᠡ᠂ ᠠᠭᠤᠷᠬᠠᠢ ᠶᠢᠨ ᠬᠤᠳᠳᠤᠭ ᠤᠨ ᠤᠰᠤ ᠪᠠ ᠦᠳᠭᠡᠨ ᠲᠠᠪᠤᠰᠤᠲᠠᠢ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠵᠤ ᠪᠠᠶᠢᠭ᠎ᠠ ᠠᠷᠭ᠎ᠠ ᠠᠪᠴᠠᠯ ᠳᠤ ᠦᠨᠳᠣᠷ ᠦᠨᠡᠯᠡᠯᠲᠡ ᠦᠭᠪᠡ᠃ ᠲᠡᠷᠡ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠨᠢ ︽ᠬᠦᠬᠡᠮᠳᠦᠭ ᠠᠭᠤᠯᠠ ᠴᠡᠩᠬᠡᠭ ᠤᠰᠤ ᠪᠤᠯ ᠳᠠᠷᠤᠢ ᠠᠯᠳᠠᠨ ᠮᠦᠩᠬᠦᠨ ᠠᠭᠤᠯᠠ ᠮᠦᠨ︾ ᠬᠡᠰᠡᠨ ᠦᠢᠯᠠᠭᠠᠭᠳᠠᠬᠤᠨ ᠢ ᠪᠦᠷᠢᠯᠳᠦᠬᠦᠯᠵᠦ᠂ ᠤᠷᠴᠢᠨ ᠲᠤᠭᠤᠷᠢᠨ ᠢ ᠬᠠᠮᠠᠭᠠᠯᠠᠬᠤ ᠪᠡᠯᠡ ᠤᠷᠤᠭᠤᠯᠤᠯᠲᠠ ᠪᠠᠨ ᠨᠡᠮᠡᠭᠳᠡᠬᠦᠯᠦᠨ ᠨᠡᠶᠢᠬᠡᠮ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ︽ᠬᠠᠶᠠᠭᠳᠠᠮᠠᠯ ᠢ ᠡᠷᠳᠡᠨᠢ ᠪᠤᠯᠭᠠᠵᠤ᠂ ᠬᠤᠤᠷ ᠢ ᠠᠰᠢᠭ ᠪᠤᠯᠭᠠᠬᠤ︾ ᠪᠤᠳᠠᠲᠤ ᠰᠠᠶᠢᠨ ᠠᠵᠢᠯ ᠢ ᠢᠯᠡᠬᠦᠭᠡᠨ ᠬᠢᠵᠦ᠂ ᠤᠷᠤᠨ ᠨᠣᠳᠤᠭ  ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠠᠵᠤ ᠠᠬᠤᠶᠢᠯᠠᠯ ᠤᠨ ᠤᠷᠴᠢᠨ ᠲᠤᠭᠤᠷᠢᠨ ᠢ ᠬᠠᠮᠠᠭᠠᠯᠠᠬᠤ ᠰᠢᠨ᠎ᠡ ᠮᠡᠷᠭᠡᠵᠢᠯ ᠢ ᠠᠰᠢᠭᠯᠠᠬᠤ᠂ ᠠᠭᠤᠷᠬᠠᠢ ᠶᠢᠨ ᠡᠬᠢ ᠪᠠᠶᠠᠯᠢᠭ᠂ ᠤᠰᠤᠨ ᠤ ᠡᠬᠢ ᠪᠠᠶᠠᠯᠢᠭ ᠢ ᠳᠠᠬᠢᠨ ᠳᠠᠪᠲᠠᠨ ᠠᠰᠢᠭᠯᠠᠬᠤ ᠶᠢ ᠵᠢᠯᠤᠭᠤᠳᠴᠤ᠂ ᠤᠷᠤᠨ ᠨᠣᠳᠤᠭ ᠤᠨ ᠴᠢᠨᠠᠷ ᠰᠠᠶᠢᠲᠠᠢ ᠬᠦᠭᠵᠢᠯᠲᠡ ᠳᠤ ᠰᠠᠶᠢᠨ ᠰᠠᠶᠢᠬᠠᠨ ᠠᠮᠢ ᠠᠬᠤᠢ ᠶᠢᠨ ᠰᠠᠭᠤᠷᠢ ᠶᠢ ᠳᠠᠯᠪᠢᠬᠤ ᠬᠡᠷᠡᠭᠲᠡᠢ ᠭᠡᠵᠤ ᠴᠢᠬᠤᠯᠠᠴᠢᠯᠠᠪᠠ᠃ ᠵᠦᠩ ᠲᠢᠶᠠᠨ ᠾᠧ ᠴᠤᠸᠠᠩ ᠺᠣᠮᠫᠠᠨᠢ ᠶᠢᠨ ᠦᠢᠯᠡᠳᠪᠦᠷᠢ ᠶᠢᠨ ᠭᠠᠳᠠᠨᠠᠬᠢ ᠰᠢᠭᠠᠷᠤ ᠶᠢᠨ ᠦᠢᠯᠡᠳᠪᠦᠷᠢ ᠶᠢᠨ  ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠬᠠᠢ ᠶᠢᠨ ᠭᠠᠵᠠᠷ ᠲᠤ ᠨᠢᠦ ᠵᠢᠶᠦ᠋ᠨ ᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ ᠴᠢᠬᠤᠯᠠᠴᠢᠯᠠᠬᠤ ᠳᠠᠭᠠᠨ ᠦᠢᠯᠡᠳᠪᠦᠷᠢ ᠶᠢᠨ ᠪᠠᠷᠢᠮᠵᠢᠶᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠢᠮᠵᠢᠬᠦᠯᠵᠦ᠂ ᠬᠠᠲᠠᠭᠤ ᠪᠡᠶᠡᠳᠤ ᠬᠠᠶᠠᠭᠳᠠᠮᠠᠯ ᠤᠨ ᠰᠢᠢᠳᠪᠦᠷᠢᠯᠡᠯᠲᠡ ᠶᠢᠨ ᠪᠦᠬᠦ ᠶᠠᠪᠤᠴᠠ ᠳᠠᠬᠢ ᠬᠢᠨᠠᠨ ᠬᠠᠮᠢᠶᠠᠷᠣᠯᠳᠠ ᠶᠢ ᠴᠢᠩᠭᠠᠳᠬᠠᠵᠤ ᠬᠠᠲᠠᠭᠤ ᠪᠡᠶᠡᠳᠤ ᠬᠠᠶᠠᠭᠳᠠᠮᠠᠯ ᠢ ᠡᠬᠢ ᠪᠠᠶᠠᠯᠢᠭᠵᠢᠭᠤᠯᠵᠣ᠂ ᠬᠡᠮᠵᠢᠶ᠎ᠡ ᠶᠢ ᠪᠠᠭᠠᠰᠬᠠᠨ ᠬᠦᠨᠦᠬᠡᠯ ᠦᠭᠡᠢ ᠰᠢᠢᠳᠪᠦᠷᠢᠯᠡᠬᠦ ᠶᠢ ᠪᠠᠶᠡᠯᠡᠬᠦᠯᠬᠦ ᠬᠡᠷᠡᠭᠲᠡᠢ ᠬᠡᠪᠡ᠃
     ᠨᠢᠦ ᠵᠢᠶᠦ᠋ᠨ ᠶᠠᠨ ᠱᠠᠭᠠᠷᠳᠠᠬᠤ ᠳᠠᠭᠠᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠣᠭᠠᠨ ᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠭᠤᠰᠢᠯᠠᠭᠤᠯᠵᠣ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠦᠨ ︽ᠲᠦᠷᠪᠡᠨ ᠤᠬᠠᠮᠰᠠᠷ ︾ ᠢ ᠪᠦᠷᠢᠯᠳᠦᠬᠦᠯᠵᠦ᠂ ︽ᠬᠤᠶᠠᠷ ᠢ ᠬᠠᠮᠠᠭᠠᠯᠠᠬᠤ︾ ᠶᠢ ᠰᠠᠶᠢᠳᠤᠷ ᠪᠡᠶᠡᠯᠡᠬᠦᠯᠵᠦ᠂ ᠨᠡᠩ ᠴᠢᠩᠭ᠎ᠠ ᠡᠷᠡᠰ ᠵᠤᠷᠢᠭ᠂ ᠨᠡᠩ ᠪᠤᠳᠠᠲᠠᠢ ᠠᠷᠭ᠎ᠠ ᠠᠪᠴᠠᠯ ᠢᠶᠠᠷ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠬᠢᠵᠦ᠂ ᠪᠦᠬᠦ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠰᠢᠨ᠎ᠡ ᠨᠢᠭᠡᠨ ᠲᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ᠃ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠬᠦ ᠶᠢ ᠴᠢᠬᠤᠯᠠᠴᠢᠯᠠᠨ ᠠᠮᠢ ᠠᠬᠤᠢ ᠶᠢᠨ ᠪᠤᠯᠪᠠᠰᠤᠨ ᠤ ᠤᠶᠢᠯᠠᠭᠠᠭᠳᠠᠬᠤᠨ ᠢ ᠵᠠᠯᠭᠠᠮᠵᠢᠯᠠᠨ ᠨᠡᠶᠢᠳᠡᠯᠢᠭ ᠦᠯᠢᠭᠡᠷ ᠵᠢᠱᠢᠶ᠎ᠡ ᠶᠢᠨ ᠣᠬᠠᠭᠤᠯᠭ᠎ᠠ ᠶᠢᠨ ᠠᠵᠢᠯ ᠢ ᠰᠠᠶᠢᠳᠤᠷ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠤᠷᠳᠤᠰ ᠲᠤ ᠤᠯᠠᠮᠵᠢᠯᠠᠭᠳᠠᠨ ᠳᠡᠯᠭᠡᠷᠡᠬᠦ ᠶᠢᠨ ᠠᠮᠢᠳᠤᠯᠢᠭ ᠦᠢᠯᠡᠳᠦᠯᠭᠡ ᠶᠢ ᠪᠦᠬᠦ ᠲᠠᠯ᠎ᠠ ᠪᠠᠷ ᠢᠯᠡᠷᠡᠬᠦᠯᠬᠦ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠳᠤᠮᠳᠠ ᠤᠷᠤᠯᠴᠠᠬᠤ ᠶᠢ ᠬᠦᠢᠴᠡᠳ ᠳᠠᠶᠢᠴᠢᠯᠠᠵᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠵᠣ ᠬᠠᠷᠢᠯᠴᠠᠨ ᠬᠠᠮᠳᠤᠷᠠᠯᠴᠠᠨ ᠬᠠᠮᠳᠤ ᠪᠠᠷ ᠬᠦᠴᠦᠯᠡᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠦᠴᠦᠷᠭᠡᠭ ᠶᠡᠭᠡ ᠬᠠᠮᠳᠤᠷᠠᠯ ᠤᠨ ᠬᠦᠴᠦ ᠶᠢ ᠪᠦᠷᠢᠯᠳᠦᠬᠦᠯᠵᠦ᠂ ᠡᠬᠡ ᠤᠯᠤᠰ ᠤᠨ ᠤᠮᠠᠷᠠᠳᠤ ᠶᠢᠨ ᠬᠢᠯᠢ ᠬᠢᠵᠠᠭᠠᠷ ᠤᠷᠤᠨ ᠤ ᠴᠢᠬᠤᠯᠠ ᠠᠮᠢ ᠠᠬᠤᠢ  ᠶᠢᠨ ᠠᠮᠤᠷ ᠲᠦᠪᠰᠢᠨ ᠤ ᠬᠠᠯᠬᠠᠪᠴᠢ ᠪᠤᠯᠬᠤ ᠤᠷᠳᠤᠰ ᠤᠨ ᠬᠠᠮᠠᠭᠠᠯᠠᠯᠲᠠ ᠶᠢᠨ ᠱᠤᠭᠤᠮ ᠢ ᠪᠠᠳᠣ ᠪᠠᠬᠢ ᠪᠠᠶᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号