ᠤᠢᠢᠷ᠎ᠠ ᠶᠢᠨ ᠡᠳᠦᠷ᠂ ᠦᠦᠰᠢᠨ ᠬᠤᠰᠢᠭᠤᠨ ᠤ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠨᠢ ᠪᠦᠬᠦ ᠪᠠᠭᠰᠢ | ᠰᠤᠷᠤᠭᠴᠢᠳ ᠲᠠᠭᠠᠨ ᠠᠮᠤᠷ ᠲᠦᠪᠰᠢᠨ ᠤ ᠬᠦᠮᠦᠵᠢᠯ ᠬᠢᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭᠠᠨ ᠳᠤ | ᠬᠦᠴᠦᠷᠬᠡᠭᠯᠡᠯ ᠢ ᠡᠰᠡᠷᠬᠦᠴᠡᠨ᠂ ᠲᠡᠯᠪᠡᠷᠡᠯᠳᠡ ᠶᠢ ᠰᠡᠷᠬᠡᠶᠢᠯᠡᠬᠦ ᠰᠤᠷᠢᠯᠳᠠ ᠬᠢᠵᠤ᠂ ᠰᠤᠷᠢᠯᠳᠠ ᠪᠠᠷ ᠲᠠᠮᠵᠢᠨ ᠪᠠᠭᠰᠢ | ᠰᠤᠷᠤᠭᠴᠢᠳ ᠵᠢᠴᠢ ᠬᠡᠷ ᠤᠨ ᠠᠬᠠᠮᠠᠳ ᠲᠠᠭᠠᠨ ᠠᠶᠤᠯ ᠲᠦᠭᠰᠢᠬᠦᠷᠢ ᠠᠴᠠ ᠬᠡᠷᠬᠢᠨ ᠠᠮᠤᠷ ᠮᠡᠨᠳᠦ ᠲᠤᠳᠠᠭᠠᠨ ᠵᠠᠶᠢᠯᠠᠵᠤ᠂ | ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠳᠤᠯᠠᠬᠤ ᠶᠢ ᠤᠬᠠᠭᠤᠯᠤᠭᠰᠠᠨ ᠪᠠᠶᠢᠨ᠎ᠠ᠃ | ᠬᠦᠴᠦᠷᠬᠡᠭᠯᠡᠯ᠂ ᠠᠶᠤᠯ ᠲᠦᠭᠰᠢᠬᠦᠷᠢᠲᠦ ᠪᠠᠶᠢᠳᠠᠯ ᠢ ᠬᠡᠷᠬᠢᠨ ᠠᠷᠭᠠᠴᠠᠭᠠᠬᠤ ᠪᠠ ᠠᠶᠤᠯ ᠠᠴᠠ ᠵᠠᠶᠢᠯᠠᠬᠤ | ᠵᠠᠩᠭᠢᠯᠠᠭ᠎ᠠ ᠶᠢᠨ ᠶᠠᠪᠤᠴᠠ ᠶᠢ ᠨᠠᠷᠢᠯᠢᠭ ᠶᠠᠷᠢᠵᠤ᠂ ᠰᠤᠷᠤᠭᠴᠢ ᠶᠢᠨ ᠠᠮᠢ ᠨᠠᠰᠤᠨ ᠤ ᠠᠮᠤᠷ ᠲᠦᠪᠰᠢᠨ ᠢ ᠴᠠᠭ ᠢᠮᠠᠭᠳᠠ | ᠲᠡᠷᠢᠬᠦᠨ ᠪᠠᠶᠢᠷᠢᠨ ᠳᠤ ᠲᠠᠯᠪᠢᠬᠤ ᠶᠢ ᠴᠢᠩᠭ᠎ᠠ ᠱᠠᠭᠠᠷᠳᠠᠵᠤ᠂ ᠦᠨᠡᠨ ᠬᠦ ᠬᠦᠴᠦᠷᠬᠡᠭᠯᠡᠯ ᠤᠨ ᠠᠵᠢᠯᠯᠠᠭ᠎ᠠ ᠡᠬᠦᠰᠬᠦ | ᠦᠶ᠎ᠠ ᠳᠤ ᠪᠠᠴᠢᠮᠳᠠᠨ ᠬᠡᠯᠮᠡᠭᠳᠡᠬᠦ ᠦᠬᠡᠢ᠂ ᠮᠠᠭᠤ ᠡᠳᠡᠬᠡᠳ ᠲᠠᠢ ᠰᠢᠭᠤᠳ ᠬᠦᠴᠦ ᠪᠠᠷ ᠲᠡᠮᠡᠴᠡᠬᠦ ᠪᠢᠰᠢ ᠬᠠᠷᠢᠨ ᠠᠷᠭ᠎ᠠ | ᠤᠬᠠᠭᠠᠨ ᠢᠶᠠᠷ ᠢᠶᠠᠨ ᠦᠪᠡᠷ ᠤᠨ ᠠᠮᠤᠷ ᠲᠦᠪᠰᠢᠨ ᠢᠶᠠᠨ ᠪᠠᠳᠤᠯᠠᠵᠤ᠂ ᠴᠠᠭ ᠲᠤᠬᠠᠢ ᠳᠤᠨᠢ ᠲᠤᠲᠤᠭᠠᠲᠤ ᠶᠢ ᠬᠠᠮᠠᠭᠠᠯᠠᠬᠤ | ᠲᠤᠪᠴᠢᠶ᠎ᠠ ᠪᠤᠶᠤ ᠲᠤᠬᠠᠢ ᠶᠢᠨ ᠭᠠᠵᠠᠷ ᠤᠨ ᠲᠤᠰᠬᠠᠢ ᠲᠤᠮᠢᠯᠠᠭᠰᠠᠨ ᠰᠠᠯᠪᠤᠷᠢ ᠳᠤ ᠬᠡᠷᠡᠭ ᠮᠡᠳᠡᠬᠦᠯᠬᠦ ᠬᠡᠷᠡᠭᠳᠡᠢ ᠬᠡᠳᠡᠭ ᠢ | ᠪᠠᠭᠰᠢ ᠰᠤᠷᠤᠭᠴᠢᠳ ᠲᠤ ᠮᠡᠳᠡᠬᠦᠯᠦᠨ᠂ ᠠᠮᠤᠷ ᠲᠦᠪᠰᠢᠨ ᠤ ᠤᠬᠠᠮᠰᠠᠷ ᠲᠠᠢ ᠪᠠᠶᠢᠬᠤ ᠬᠡᠷᠡᠭᠳᠡᠢ ᠬᠡᠳᠡᠭ ᠢ | ᠴᠢᠬᠤᠯᠠᠴᠢᠯᠠᠭᠰᠠᠨ ᠪᠠᠶᠢᠨ᠎ᠠ᠃ | | |