ᠴᠡᠩᠭᠡᠯᠨᠤᠷᠪᠤ᠄ ᠮᠠᠯᠴᠢᠨ ᠲᠠᠷᠢᠶᠠᠴᠢᠳ ᠤᠨ ᠡᠷᠡᠭᠦᠯ ᠤᠨ ᠡᠯᠴᠢᠨ
ᠨᠡᠶᠢᠲᠡᠯᠡᠭᠰᠡᠨ ᠴᠠᠭ᠄
2019-04-08
     1972 ᠤᠨ ᠳᠤ ᠴᠡᠩᠭᠡᠯᠨᠤᠷᠪᠤ ᠲᠤᠭ ᠪᠠᠯᠭᠠᠰᠤ ᠶᠢᠨ ᠲᠤᠭᠤᠯᠳᠠᠢ ᠭᠠᠴᠠᠭ᠎ᠠ ᠶᠢᠨ ᠵᠢᠷ ᠤᠨ ᠮᠠᠯᠴᠢᠨ ᠠᠶᠢᠯ ᠳᠤ ᠵᠠᠶᠠᠭᠠᠵᠠᠢ᠃ ᠪᠡᠷᠬᠡ ᠬᠠᠳᠠᠭᠤ ᠠᠮᠢᠳᠤᠷᠠᠯ ᠤᠨ ᠤᠷᠴᠢᠨ ᠲᠤᠭᠤᠷᠢᠨ ᠳᠤ ᠦᠰᠴᠤ ᠪᠤᠶᠢᠵᠢᠭᠰᠠᠨ ᠲᠡᠷᠡ ᠮᠠᠯᠴᠢᠨ ᠲᠠᠷᠢᠶᠠᠴᠢᠳ ᠤᠨ ᠡᠮ ᠡᠮᠨᠡᠯᠭᠡ ᠶᠢᠨ ᠨᠦᠬᠦᠴᠡᠯ ᠠᠨᠠᠢ ᠪᠠᠶᠢᠬᠤ ᠶᠢ ᠬᠠᠷᠠᠬᠤ ᠳᠠᠭᠠᠨ ᠬᠤᠵᠢᠮ ᠰᠠᠶᠢᠨ ᠡᠮᠴᠢ ᠪᠤᠯᠵᠤ ᠨᠤᠳᠤᠭ ᠤᠰᠤᠨ ᠳᠠᠭᠠᠨ ᠦᠢᠯᠡᠴᠢᠯᠡᠬᠦ ᠬᠦᠰᠡᠯ ᠲᠠᠢ ᠪᠤᠯᠤᠭᠰᠠᠨ ᠪᠢᠯᠡ᠃ 1990 ᠤᠨ ᠳᠤ ᠡᠮᠨᠡᠯᠭᠡ ᠶᠢᠨ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠦᠨᠳᠦᠰᠦᠨ ᠱᠠᠳᠤᠨ ᠤ ᠡᠮᠨᠡᠯᠭᠡ ᠶᠢᠨ ᠬᠤᠷᠢᠶᠠᠨ ᠤ ᠨᠢᠭᠡᠳᠦᠭᠡᠷ ᠹᠷᠤᠨᠲ ᠲᠤ ᠠᠵᠢᠯᠯᠠᠭᠰᠠᠨ ᠪᠠᠶᠢᠨ᠎ᠠ᠃
     ᠡᠮᠴᠢ ᠪᠤᠯᠤᠬᠰᠡᠨ ᠤ ᠲᠠᠷᠠᠭ᠎ᠠ ᠴᠡᠩᠭᠡᠯᠨᠤᠷᠪᠤ ᠲᠡᠭᠡᠳᠦ ᠬᠡᠮᠵᠢᠶᠡᠨ ᠤ ᠬᠠᠷᠢᠭᠤᠴᠠᠯᠭᠠᠳᠤ ᠤᠪᠤᠷ ᠢᠶᠠᠷ ᠠᠵᠢᠯ ᠳᠠᠭᠠᠨ ᠬᠠᠨᠳᠤᠵᠤ᠂ ᠡᠳᠦᠷ ᠲᠤᠳᠤᠮ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠰᠢᠨ᠎ᠡ ᠮᠡᠳᠡᠯᠭᠡ ᠰᠢᠨ᠎ᠡ ᠮᠡᠷᠭᠡᠵᠢᠯ ᠢ ᠰᠤᠷᠤᠭᠰᠠᠨ ᠪᠠᠶᠢᠨ᠎ᠠ᠃ ᠠᠵᠢᠯ ᠤᠨ ᠶᠠᠪᠤᠴᠠ ᠳᠤ ᠴᠡᠩᠭᠡᠯᠨᠤᠷᠪᠤ ᠢᠮᠠᠭᠳᠠ ᠡᠪᠡᠳᠴᠢᠳᠡᠨ ᠤ ᠵᠤᠭᠰᠤᠴᠠ ᠠᠴᠠ ᠪᠤᠳᠤᠯᠬᠢᠯᠠᠵᠤ᠂ ᠠᠯᠢ ᠴᠢᠳᠠᠬᠤ ᠪᠠᠷ ᠡᠪᠡᠳᠴᠢᠳᠡᠨ ᠳᠤ ᠵᠤᠭᠤᠰ ᠮᠦᠡᠭᠭᠦ ᠭᠠᠮᠨᠠᠵᠤ᠂ ᠡᠪᠡᠳᠴᠢᠳᠡᠨ ᠳᠤ ᠲᠤᠰᠠ ᠬᠢᠬᠦ ᠪᠠᠷ ᠴᠢᠷᠮᠠᠶᠢᠳᠠᠭ᠃ 2013 ᠤᠨ ᠤ 7 ᠰᠠᠷ᠎ᠠ ᠶᠢᠨ ᠨᠢᠭᠡᠨ ᠡᠳᠦᠷ ᠤᠨ ᠰᠦᠨᠢ ᠶᠢᠨ 12 ᠴᠠᠭ ᠤᠨ ᠦᠶᠡᠰ ᠢᠶᠠᠷ ᠲᠤᠭ ᠪᠠᠯᠭᠠᠰᠤ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠨᠢ 120 ᠵᠢᠭᠠᠨ ᠵᠢᠯᠤᠭᠤᠳᠬᠤ ᠲᠦᠪ ᠤᠨ ᠤᠳᠠᠰᠤ ᠶᠢ ᠲᠤᠰᠴᠤ᠂ ᠨᠢᠭᠡ ᠬᠦᠯᠦᠰᠦᠨ ᠠᠵᠢᠯᠴᠢᠨ ᠪᠤᠰᠤᠳ ᠲᠤ ᠬᠢᠳᠤᠭᠠᠯᠠᠭᠳᠠᠭᠠᠳ ᠴᠡᠭᠡᠵᠢᠨ ᠬᠡᠰᠡᠭ ᠨᠢ ᠰᠢᠷᠬᠠᠳᠤᠵᠤ᠂ ᠴᠢᠰᠤ ᠶᠢ ᠨᠢ ᠵᠤᠭᠰᠤᠭᠠᠵᠤ ᠲᠡᠶᠢᠯᠬᠦ ᠦᠭᠡᠢ ᠪᠠᠶᠢᠨ᠎ᠠ ᠬᠡᠬᠦ ᠪᠠᠴᠢᠮ ᠮᠡᠳᠡᠭᠳᠡᠯ ᠢ ᠲᠤᠰᠴᠠᠢ᠃ ᠴᠡᠩᠭᠡᠯᠨᠤᠷᠪᠤ ᠶᠠᠭᠠᠷᠠᠨ ᠲᠤᠬᠠᠢ ᠶᠢᠨ ᠲᠠᠯᠠᠪᠤᠷ ᠲᠤ ᠬᠦᠷᠴᠤ ᠴᠢᠰᠤ ᠶᠢ ᠨᠢ ᠵᠤᠭᠰᠤᠭᠠᠭᠰᠠᠨ ᠪᠦᠭᠡᠳ ᠡᠪᠡᠳᠴᠢᠳᠡᠨ ᠢ ᠲᠡᠮᠡᠭᠡᠳᠦ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠳᠤ ᠬᠦᠷᠭᠡᠵᠤ ᠤᠴᠢᠵᠡᠢ᠃ ᠡᠪᠡᠳᠴᠢᠳᠡᠨ ᠪᠡᠶ᠎ᠡ ᠳᠡᠭᠡᠨ ᠵᠤᠭᠤᠰ ᠦᠭᠡᠢ᠂ ᠬᠡᠷ ᠤᠨ ᠬᠦᠮᠦᠰ ᠨᠢ ᠴᠤ ᠬᠠᠵᠠᠭᠤ ᠳᠤᠨᠢ ᠪᠠᠶᠢᠬᠤ ᠦᠭᠡᠢ ᠤᠴᠢᠷ ᠠᠴᠠ ᠴᠡᠩᠭᠡᠯᠨᠤᠷᠪᠤ ᠦᠪᠡᠷ ᠢᠶᠠᠨ ᠵᠤᠭᠤᠰ ᠭᠠᠷᠭᠠᠵᠤ ᠡᠪᠡᠳᠴᠢᠳᠡᠨ ᠳᠤ ᠡᠮᠨᠡᠯᠭᠡ ᠳᠤ ᠰᠠᠭᠤᠬᠤ ᠭᠠᠷ ᠬᠦᠢᠴᠡᠳᠭᠡᠯ ᠬᠢᠵᠤ ᠦᠭᠭᠦᠭᠡᠳ ᠡᠮᠨᠡᠯᠭᠡ ᠶᠢᠨ ᠲᠠᠯ᠎ᠠ ᠲᠠᠢ ᠬᠠᠮᠵᠢᠯᠴᠠᠨ ᠡᠮᠨᠡᠵᠤ᠂ ᠡᠪᠡᠳᠴᠢᠳᠡᠨ ᠤ ᠲᠦᠷᠦᠯ ᠰᠠᠳᠤᠨ ᠨᠢ ᠢᠷᠡᠭᠰᠡᠨ ᠤ ᠲᠠᠷᠠᠭ᠎ᠠ ᠰᠠᠶ᠋ᠢ ᠪᠤᠴᠠᠭᠰᠠᠨ ᠪᠠᠶᠢᠨ᠎ᠠ᠃ ᠡᠨᠡ ᠬᠦ ᠦᠢᠯᠡ ᠠᠵᠢᠯᠯᠠᠭ᠎ᠠ ᠨᠢ ᠦᠤᠰᠢᠨ ᠬᠤᠰᠢᠭᠤᠨ ᠤ ᠡᠮ ᠡᠮᠡᠨᠡᠯᠭᠡ ᠡᠷᠡᠬᠦᠯ ᠬᠠᠮᠠᠭᠠᠯᠠᠯ ᠤᠨ ᠠᠵᠢᠯ ᠲᠦᠷᠦᠯ ᠤᠨ ᠲᠤᠮᠳᠠ ᠰᠠᠶᠢᠨ ᠰᠠᠶᠢᠬᠠᠨ ᠲᠤᠬᠠᠢᠢᠯᠠᠭᠰᠠᠨ ᠠᠵᠢᠯ ᠤᠨ ᠲᠦᠷᠢ ᠲᠦᠷᠬᠦ ᠶᠢ ᠱᠤᠭᠤᠵᠠᠢ᠃      ᠲᠡᠷᠡ ᠪᠠᠰᠠ ᠡᠯ᠎ᠡ ᠵᠦᠢᠯ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠳᠤ ᠤᠷᠤᠯᠴᠠᠨ᠂ ᠤᠯᠠᠨ ᠲᠦᠮᠡᠨ ᠳᠤ ᠡᠮ ᠡᠮᠨᠡᠯᠭᠡ ᠶᠢᠨ ᠦᠢᠯᠡᠴᠢᠯᠡᠭᠡ ᠬᠠᠨᠭ᠍ᠭᠠᠳᠠᠭ᠃ ᠲᠡᠷᠡ ᠬᠡᠳᠦ᠋ᠢᠪᠡᠷ ᠠᠵᠢᠯ ᠶᠠᠭᠠᠷᠠᠤ ᠪᠤᠯᠪᠠᠴᠤ ᠤᠯᠠᠷᠢᠯ ᠪᠦᠷᠢ ᠳᠤ 100 ᠭᠠᠷᠤᠢ ᠴᠢᠰᠤᠨ ᠲᠠᠷᠤᠯᠳᠠ ᠦᠨᠳᠦᠷ ᠡᠪᠡᠳᠴᠢᠳᠡᠨ ᠪᠠ 16 ᠰᠢᠬᠢᠷ ᠰᠢᠵᠢᠭ ᠡᠪᠡᠳᠴᠢᠳᠡᠨ ᠤ ᠬᠡᠷ ᠲᠤᠨᠢ ᠬᠦᠷᠴᠤ ᠴᠢᠰᠤᠨ ᠲᠠᠷᠤᠯᠳᠠ ᠪᠠ ᠴᠢᠰᠤᠨ ᠰᠢᠬᠢᠷ ᠢ ᠨᠢ ᠪᠠᠶᠢᠴᠠᠭᠠᠨ ᠦᠭᠴᠤ᠂ ᠡᠷᠡᠭᠦᠯ ᠮᠡᠨᠳᠤ ᠶᠢᠨ ᠵᠢᠯᠤᠭᠤᠳᠤᠯᠭ᠎ᠠ ᠬᠢᠵᠤ᠂ ᠡᠪᠡᠳᠴᠢᠳᠡᠳ ᠢ ᠲᠠᠶᠢᠪᠤᠰᠢᠷᠠᠭᠤᠯᠳᠠᠭ ᠪᠠᠶᠢᠯ᠎ᠠ᠃      ᠴᠡᠩᠭᠡᠯᠨᠤᠷᠪᠤ ᠪᠤᠯ ᠦᠨᠳᠦᠰᠦᠨ ᠱᠠᠳᠤᠨ ᠤ ᠵᠢᠷ ᠤᠨ ᠡᠮ ᠡᠮᠨᠡᠯᠭᠡ ᠶᠢᠨ ᠠᠵᠢᠯᠳᠠᠨ᠃ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡ ᠪᠠᠷ ᠢᠶᠠᠨ ᠡᠪᠡᠳᠴᠢᠳᠡᠨ ᠳᠤ ᠦᠢᠯᠡᠴᠢᠯᠡᠵᠤ᠂ ᠨᠡᠶᠢᠭᠡᠮ ᠳᠤ ᠬᠦᠴᠦ ᠪᠠᠨ ᠡᠷᠬᠦᠬᠦ ᠪᠤᠯ ᠲᠡᠭᠦᠨ ᠤ ᠮᠦᠷᠦᠨ ᠳᠡᠭᠡᠷ ᠎ᠡ ᠲᠠᠯᠪᠢᠭᠳᠠᠵᠤ ᠪᠠᠶᠢᠭ᠎ᠠ ᠲᠠᠷᠬᠠᠨ ᠬᠠᠷᠢᠭᠤᠴᠠᠯᠭ᠎ᠠ᠂ ᠮᠦᠨ ᠴᠤ ᠦᠷᠬᠦᠯᠵᠢᠯᠡᠨ ᠲᠡᠮᠡᠴᠡᠬᠦ ᠬᠠᠷᠠᠯᠳᠠ ᠪᠤᠯᠤᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号