ᠮᠠᠯᠴᠢᠨ ᠳᠠᠷᠢᠶᠠᠴᠢᠨ ᠤ ᠬᠤᠭᠤᠷᠤᠨᠳᠤᠬᠢ ᠵᠦᠷᠢᠴᠡᠯ ᠵᠢᠭᠤᠷᠠᠭᠠᠨ᠂ ᠮᠠᠯᠴᠢᠨ ᠳᠡᠷᠢᠶᠠᠴᠢᠨ ᠪᠣᠯᠣᠨ ᠠᠵᠣ | ᠠᠬᠤᠶᠢᠯᠡᠯ ᠤᠨ ᠬᠤᠭᠤᠷᠣᠨᠳᠡᠬᠢ ᠵᠦᠷᠢᠴᠡᠯ ᠮᠦᠷᠭᠦᠯᠳᠣᠭᠡᠨ ᠢ ᠳᠣᠬᠠᠢ ᠶᠢᠨ ᠭᠠᠵᠡᠷ ᠲᠤ ᠨᠢ ᠬᠠᠮᠢᠶᠠᠷᠣᠨ | ᠰᠶᠢᠳᠪᠤᠷᠢᠯᠡᠵᠦ ᠡᠶ᠎ᠡ ᠵᠣᠬᠢᠴᠠᠯᠲᠤ ᠬᠦᠭᠵᠢᠯᠳᠡ ᠶᠢᠨ ᠣᠷᠴᠢᠨ ᠢ ᠪᠣᠢ ᠪᠣᠯᠭᠠᠬᠤ ᠶᠢᠨ ᠳᠦᠯᠣᠭᠡ ᠮᠠᠨ ᠤ | ᠬᠤᠰᠢᠭᠤᠨ ᠤ ᠴᠣᠷ ᠤᠨ ᠭᠠᠭᠴᠠ ᠮᠠᠯᠵᠢᠬᠤ ᠰᠣᠮᠣ ᠪᠣᠯᠣᠭᠰᠠᠨ ᠰᠦᠯᠳᠡ ᠰᠣᠮᠣ ᠭᠠᠵᠠᠷ ᠣᠷᠣᠨ ᠤ ᠪᠣᠳᠠᠳᠡᠢ | ᠠᠴᠠ ᠡᠬᠦᠰᠴᠣ 2017 ᠣᠨ ᠳᠤ ᠳᠣᠰᠬᠠᠢ ᠳᠣᠮᠢᠯᠠᠭᠰᠠᠨ ᠰᠠᠯᠪᠤᠷᠢ᠂ ᠬᠠᠥᠯᠢ ᠴᠠᠭᠠᠵᠠ ᠶᠢᠨ ᠰᠠᠯᠪᠤᠷᠢ᠂ ᠵᠡᠬᠢᠳᠡᠯ | ᠰᠣᠷᠪᠣᠯᠵᠢᠯᠠᠭ᠎ᠠ ᠶᠢᠨ ᠠᠯᠪᠡᠨ ᠬᠡᠷ ᠵᠡᠷᠭᠡ ᠪᠠᠶᠢᠭᠤᠯᠭ᠎ᠠ ᠨᠢᠬᠡᠴᠢ ᠶᠢᠨ ᠠᠵᠢᠯᠳᠠᠳ ᠢᠶᠠᠷ ᠪᠦᠷᠢᠯᠳᠦᠭᠰᠡᠨ ︽ | ᠡᠶᠡᠳᠡᠬᠦᠯᠬᠦ ᠪᠠᠭ᠎ᠠ ᠳᠣᠭᠤᠶᠢᠯᠠᠩ︾ ᠢ ᠪᠠᠶᠢᠭᠤᠯᠤᠨ ᠦᠢᠯᠡᠴᠢᠯᠡᠭᠡ ᠢᠶᠠᠨ ᠮᠠᠯᠴᠢᠨ ᠲᠥᠮᠡᠨ ᠤ ᠲᠡᠷᠭᠡᠳᠡ ᠬᠦᠷᠭᠡᠭᠰᠡᠨ | ᠪᠠᠶᠢᠨ᠎ᠠ᠃ | ᠰᠦᠯᠳᠡ ᠰᠣᠮᠣᠨ ᠤ ᠲᠠᠯ᠎ᠠ ᠶᠢᠨ ᠣᠰᠣ ᠭᠠᠴᠠᠭᠠᠨ ᠤ ᠮᠠᠯᠴᠢᠨ ᠵᠢᠷᠣᠮᠳᠣ ᠶᠢᠨ ᠬᠢᠨ ᠵᠡᠷᠭᠡᠯᠡᠳᠡᠭᠡ ᠠᠠᠶᠢᠯ | ᠲᠠᠢ ᠪᠠᠨ ᠨᠣᠳᠤᠭ ᠪᠡᠯᠴᠢᠬᠡᠷ ᠤᠨ ᠵᠠᠭᠠᠭ ᠰᠡᠪᠡ ᠶᠢᠨ ᠣᠴᠢᠷ ᠢᠶᠠᠷ ᠵᠦᠷᠢᠴᠡᠯ ᠵᠢᠭᠤᠷᠠᠭᠠᠨ ᠲᠠᠢ ᠪᠣᠯᠵᠣ ᠭᠠᠴᠠᠭᠠᠨ | ᠵᠦᠪᠯᠡᠯ ᠠᠴᠠ ︽ᠡᠶᠡᠳᠡᠬᠦᠯᠬᠦ ᠪᠠᠭ᠎ᠠ ᠳᠣᠭᠤᠶᠢᠯᠠᠩ︾ ᠳᠤ ᠮᠡᠳᠡᠭᠳᠡᠭᠰᠡᠨ ᠪᠠᠶᠢᠨ᠎ᠠ᠃ ᠰᠦᠯᠳᠡ ᠰᠣᠮᠣᠨ ᠤ ︽ | ᠡᠶᠡᠳᠡᠬᠦᠯᠬᠦ ᠪᠠᠭ᠎ᠠ ᠳᠣᠭᠤᠶᠢᠯᠠᠩ︾ ᠶᠢᠨ ᠬᠢᠨ ᠭᠠᠴᠠᠭᠠᠨ ᠤ ᠳᠠᠭᠠᠭᠤᠯᠭ᠎ᠠ ᠪᠠᠷ ᠬᠤᠶᠡᠷ ᠠᠶᠢᠯ ᠤᠨ ᠪᠠᠯᠴᠢᠭᠡᠷ ᠤᠨ | ᠵᠠᠭᠠᠭ ᠰᠡᠪᠡ ᠳᠡᠭᠡᠷ᠎ᠡ ᠬᠦᠷᠴᠣ ᠵᠥᠷᠢᠴᠡᠯ ᠵᠢᠭᠤᠷᠠᠭᠠᠨ ᠤ ᠦᠨᠳᠣᠰᠣᠨ ᠪᠠᠶᠢᠳᠡᠯ ᠢ ᠨᠡᠷᠢᠨ ᠳᠣᠳᠣᠷᠬᠠᠢ ᠣᠶᠢᠯᠠᠭᠠᠨ | ᠵᠣᠬᠢᠰᠳᠡᠢ ᠰᠶᠢᠳᠪᠤᠷᠢᠯᠡᠬᠦ ᠰᠠᠨᠠᠭᠤᠯᠣᠮᠵᠢ ᠭᠠᠷᠭᠠᠭᠰᠠᠨ ᠢᠶᠠᠷ ᠬᠤᠶᠠᠷ ᠠᠶᠢᠯ ᠢᠶᠠᠷ ᠢᠶᠠᠨ ᠴᠦᠮ ᠬᠠᠨᠤᠮᠵᠢᠲᠠᠢ ᠪᠤᠯᠪᠠ | ᠃ | ᠮᠠᠯᠴᠢᠨ ᠵᠢᠷᠤᠮᠲᠤ᠄ ︽ᠦᠩᠭᠡᠷᠡᠭᠰᠡᠨ ᠳᠤ ᠪᠢᠳᠠ ᠬᠡᠷᠡᠭ ᠵᠢᠭᠤᠷᠠᠭᠠᠨ ᠢ ᠰᠢᠢᠳᠪᠦᠷᠢᠯᠡᠬᠦ ᠳᠤ ᠭᠦᠴᠢᠷᠲᠡᠢ | ᠪᠠᠶᠢᠭᠰᠠᠨ᠃ ᠤᠳᠤ ᠰᠤᠮᠤᠨ ᠤ ᠪᠠᠭ᠎ᠠ ᠲᠤᠭᠤᠶᠢᠯᠠᠩ ᠪᠠᠶᠢᠭᠤᠯᠤᠭᠳᠠᠭᠰᠠᠨ ᠠᠴᠠ ᠬᠤᠶᠢᠰᠢ ᠪᠢᠳᠠᠨ ᠤ ᠡᠭᠦᠳᠡᠨ | ᠳᠤ ᠢᠷᠡᠵᠦ ᠬᠡᠷᠡᠭ ᠵᠢᠭᠤᠷᠠᠭᠠᠨ ᠢ ᠰᠢᠢᠳᠪᠦᠷᠢᠯᠡᠬᠦ ᠨᠢ ᠲᠤᠶᠢᠯ ᠤᠨ ᠶᠡᠭᠡ ᠲᠦᠭᠦᠮ ᠦᠵᠡᠭᠦᠯᠵᠡᠢ︾ ᠬᠡᠪᠡ᠃ | ᠰᠦᠯᠳᠡ ᠰᠤᠮᠤᠨ ᠤ ᠬᠠᠥᠯᠢ ᠴᠠᠭᠠᠵᠠ ᠶᠢᠨ ᠰᠠᠯᠪᠤᠷᠢ ᠶᠢᠨ ᠲᠠᠷᠤᠭ᠎ᠠ ᠲᠡᠯᠭᠡᠷᠰᠠᠩ᠄ ︽ᠪᠢᠳᠠ ᠦᠨᠳᠦᠰᠦᠨ | ᠱᠠᠲᠤᠨ ᠳᠤ ᠡᠶᠡᠳᠡᠭᠦᠯᠬᠦ ᠪᠠᠭ᠎ᠠ ᠲᠤᠭᠤᠶᠢᠯᠠᠩ ᠢ ᠪᠠᠶᠢᠭᠤᠯᠳᠠᠭ ᠭᠤᠤᠯ ᠵᠤᠷᠢᠯᠭ᠎ᠠ ᠨᠢ ᠨᠢᠭᠡ ᠳᠤ ᠮᠠᠯᠴᠢᠳ ᠲᠤ | ᠲᠦᠬᠦᠮ ᠢ ᠬᠠᠩᠭᠠᠵᠤ᠂ ᠪᠠᠰᠠ ᠨᠢᠭᠡ ᠨᠢ ᠨᠤᠲᠤᠭ ᠪᠡᠯᠴᠢᠭᠡᠷ ᠤᠨ ᠵᠠᠭᠠᠭ ᠤᠨ ᠤᠴᠢᠷ ᠲᠡᠭᠡᠷ᠎ᠡ ᠲᠤᠬᠠᠢ ᠶᠢᠨ ᠭᠠᠵᠠᠷ | ᠲᠤ ᠨᠢ ᠣᠴᠢᠵᠦ ᠦᠵᠡᠨ ᠲᠤᠳᠤᠷᠬᠠᠶᠢᠯᠠᠭᠰᠠᠨ ᠤ ᠲᠠᠷᠠᠭ᠎ᠠ ᠰᠶᠢᠳᠪᠤᠷᠢᠯᠡᠳᠡᠭ ᠤᠴᠢᠷ ᠲᠠᠢ᠂ ᠠᠯᠪᠠᠨ ᠰᠢᠷᠡᠭᠡᠨ | ᠳᠡᠭᠡᠷ᠎ᠡ ᠰᠢᠢᠳᠪᠦᠷᠢᠯᠡᠵᠦ ᠪᠦᠲᠦᠬᠦ ᠦᠭᠡᠢ᠃ ᠲᠡᠭᠡᠬᠦᠯᠡᠷ ᠪᠢᠳᠠ ᠠᠶᠢᠯ ᠳᠤ ᠨᠢ ᠣᠴᠢᠵᠦ᠂ ᠭᠠᠵᠠᠷ ᠲᠤ ᠨᠢ ᠬᠦᠷᠴᠤ | ᠰᠶᠢᠳᠪᠤᠷᠢᠯᠡᠬᠦ ᠡᠭᠦᠳᠡᠨ ᠠᠴᠠ ᠡᠶᠢᠮᠦ ᠲᠤᠭᠤᠶᠢᠯᠠᠩ ᠢ ᠪᠠᠶᠢᠭᠤᠯᠵᠦ ᠤᠯᠠᠨ ᠲᠦᠮᠡᠨ ᠳᠤ ᠦᠢᠯᠡᠴᠢᠯᠡᠵᠦ ᠪᠠᠶᠢᠨ᠎ᠠ︾ | ᠬᠡᠪᠡ᠃ | ᠡᠨᠡᠬᠦ ︽ᠡᠶᠡᠳᠡᠭᠦᠯᠬᠦ ᠪᠠᠭ᠎ᠠ ᠳᠤᠭᠤᠶᠢᠯᠠᠩ︾ ᠪᠠᠶᠢᠭᠤᠯᠤᠭᠳᠠᠭᠰᠠᠨ ᠠᠴᠠ ᠨᠠᠰᠢ ᠪᠦᠬᠦ ᠰᠤᠮᠤᠨ ᠤ 9 | ᠭᠠᠴᠠᠭ᠎ᠠ ᠲᠤᠰᠬᠤᠨ ᠪᠣᠯᠣᠨ ᠰᠠᠭᠤᠭᠠᠯᠢ ᠠᠷᠠᠳ ᠤᠨ ᠳᠣᠭᠤᠷᠢᠭ ᠢᠶᠠᠷ ᠬᠦᠷᠴᠤ ᠭᠤᠤᠯᠳᠠᠭᠤ ᠮᠠᠯᠴᠢᠨ ᠳᠠᠷᠢᠶᠠᠴᠢᠨ | ᠤ ᠨᠤᠲᠤᠭ ᠪᠡᠯᠴᠢᠭᠡᠷ᠂ ᠭᠡᠷ ᠪᠦᠯᠢ ᠵᠡᠷᠭᠡ ᠶᠢᠨ ᠭᠡᠷᠡᠭ ᠵᠢᠭᠤᠷᠠᠭᠠᠨ ᠢ 300 ᠭᠠᠷᠣᠢ ᠬᠦᠮᠤᠨ ᠣᠳᠠᠭ᠎ᠠ | ᠰᠶᠢᠳᠪᠤᠷᠢᠯᠡᠵᠦ ᠵᠥᠷᠢᠴᠡᠯ ᠵᠢᠭᠤᠷᠠᠭᠠᠨ ᠤ ᠰᠢᠢᠳᠪᠦᠷᠢᠯᠡᠯᠳᠡ ᠶᠢᠨ ᠨᠤᠷᠮ᠎ᠠ ᠨᠢ 95% ᠳᠤ ᠬᠦᠷᠦᠭᠰᠡᠨ ᠪᠠᠶᠢᠨ᠎ᠠ᠃ | | |