ᠠᠮᠢ ᠠᠬᠤᠢ ᠶᠢ ᠤᠷᠢᠳ ᠢᠶᠠᠷ ᠪᠤᠳᠤᠯᠬᠢᠯᠠᠨ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠵᠦ ᠡᠬᠢ ᠪᠠᠶᠠᠯᠢᠭ ᠤᠨ ᠮᠠᠶ᠋ᠢᠭ ᠤᠨ ᠭᠠᠵᠠᠷ ᠤᠷᠤᠨ ᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠬᠤᠰᠢᠭᠤᠷᠠᠨ ᠵᠠᠮᠨᠠᠨ᠎ᠠ
ᠨᠡᠶᠢᠲᠡᠯᠡᠭᠰᠡᠨ ᠴᠠᠭ᠄
2019-04-09
    — ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠢ ᠰᠤᠷᠪᠤᠯᠵᠢᠯᠠᠬᠰᠠᠨ ᠨᠢ      ᠡᠬᠢ ᠪᠠᠶᠠᠯᠢᠭ ᠤᠨ ᠮᠠᠶ᠋ᠢᠭ ᠤᠨ ᠭᠠᠵᠠᠷ ᠤᠷᠤᠨ ᠪᠤᠯᠤᠭᠰᠠᠨ ᠤ ᠬᠤᠪᠢ ᠳᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠭᠡᠷᠬᠢᠨ ᠰᠦᠪᠡᠭᠴᠢᠯᠡᠨ ᠨᠡᠬᠡᠭᠡᠬᠦ ᠪᠤᠢ︖ ᠡᠨᠡ ᠬᠦ ᠠᠰᠠᠭᠤᠳᠠᠯ ᠤᠨ ᠲᠤᠭᠤᠷᠢᠨ ᠳᠤ᠂ ᠰᠤᠷᠪᠤᠯᠵᠢᠯᠠᠬᠴᠢ ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠢ ᠰᠤᠷᠪᠤᠯᠵᠢᠯᠠᠬᠰᠠᠨ ᠶᠤᠮ᠃      ᠨᠢᠦ ᠵᠢᠶᠦ᠋ᠨ ᠶᠠᠨ ᠭᠡᠯᠡᠬᠦ ᠳᠡᠭᠡᠨ᠂ ᠨᠡᠶᠢᠳᠡᠯᠢᠭ ᠴᠢᠨᠠᠷᠳᠠᠢ ᠡᠬᠢ ᠪᠠᠶᠠᠯᠢᠭ ᠤᠨ ᠮᠠᠶᠢᠭ ᠤᠨ ᠬᠤᠳᠠ ᠪᠤᠯᠤᠭᠰᠠᠨ ᠤ ᠬᠤᠪᠢ ᠳᠤ᠂ ᠤᠷᠳᠤᠰ ᠬᠤᠳᠠ ᠶᠢᠨ ᠬᠦᠭᠵᠢᠯᠳᠠ ᠶᠢᠨ ᠬᠠᠮᠤᠭ ᠤᠨ ᠶᠡᠭᠡ ᠲᠠᠪᠠᠭᠤᠯᠢᠭ ᠪᠤᠯ ᠡᠬᠢ ᠪᠠᠶᠠᠯᠢᠭ ᠪᠤᠯᠤᠨ᠎ᠠ᠂ ᠬᠠᠮᠤᠭ ᠤᠨ ᠲᠤᠪᠤᠶᠢᠮ᠎ᠠ ᠳᠤᠳᠠᠭᠤᠳᠠᠯ ᠪᠤᠯ ᠤᠷᠴᠢᠨ ᠲᠤᠭᠤᠷᠢᠨ ᠪᠤᠯᠤᠨ᠎ᠠ᠃ ᠤᠷᠴᠢᠨ ᠲᠤᠭᠤᠷᠢᠨ ᠤ ᠳᠤᠳᠠᠭᠤᠳᠠᠯ ᠢ ᠰᠢᠢᠳᠪᠤᠷᠢᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠭᠡᠢ ᠬᠦᠭᠵᠢᠯᠳᠠ ᠶᠢᠨ ᠵᠠᠮ ᠢᠶᠠᠷ ᠰᠠᠶᠢᠳᠤᠷ ᠵᠠᠮᠨᠠᠬᠤ ᠪᠤᠯ ᠴᠢᠨᠠᠷ ᠰᠠᠶᠢᠳᠠᠢ ᠬᠦᠭᠵᠢᠯᠳᠠ ᠶᠢᠨ ᠵᠠᠩᠬᠢᠯᠠᠭ᠎ᠠ᠂ ᠤᠳᠤᠷᠢᠳᠤᠮᠵᠢ ᠪᠤᠯᠬᠤ ᠶᠤᠮ᠃ ᠪᠢᠳᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠬᠦᠭᠡᠮᠳᠦᠭ ᠠᠭᠤᠯᠠ ᠴᠡᠩᠭᠡᠭ ᠤᠰᠤ ᠪᠤᠯ ᠠᠯᠳᠠ ᠮᠦᠩᠬᠦᠨ ᠠᠭᠤᠯᠠ ᠮᠦᠨ︾ ᠪᠤᠯᠬᠤ ᠤᠶᠢᠢᠯᠠᠭᠠᠭᠳᠠᠬᠤᠨ ᠢ ᠪᠠᠳᠤ ᠪᠤᠢ ᠪᠤᠯᠭᠠᠵᠦ᠂ ᠤᠯᠤᠰ ᠲᠦᠷᠦ ᠶᠢᠨ ᠵᠤᠬᠰᠤᠴᠠ ᠪᠠᠨ ᠤᠯᠠᠮ ᠴᠢᠨᠠᠬᠰᠢᠳᠠ ᠳᠡᠭᠡᠭᠰᠢᠯᠡᠬᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠡᠬᠢ ᠪᠡᠶᠠᠯᠢᠭ ᠤᠨ ᠮᠠᠶᠢᠭ ᠤᠨ ᠭᠠᠵᠠᠷ ᠤᠷᠤᠨ ᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠬᠤᠰᠢᠭᠤᠷᠠᠨ ᠵᠠᠮᠨᠠᠵᠦ᠂ ᠡᠭᠡ ᠤᠯᠤᠰ ᠤᠨ ᠤᠮᠠᠷᠠᠳᠦ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠭᠡᠷᠡᠮ ᠢ ᠴᠤᠬᠴᠠᠯᠠᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠦᠨ᠎ᠠ᠃      ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠤᠰ ᠠᠰᠢᠬ ᠢ ᠪᠡᠶᠡᠯᠡᠬᠦᠯᠦᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠬᠠᠶᠢᠨ ᠰᠦᠪᠡᠭᠴᠢᠯᠡᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠦᠢᠯᠡᠳᠪᠦᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠪᠠᠶᠢᠬᠤ ᠪᠤᠯᠪᠠᠰᠤᠨ ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃ ᠤᠯᠤᠰ ᠤᠨ ᠤᠳᠤ ᠦᠶ᠎ᠠ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠠ ᠦᠵᠡᠭᠦᠯᠬᠦ ᠬᠤᠳᠠ ᠶᠢ ᠪᠦᠲᠦᠭᠡᠨ ᠪᠠᠶᠢᠭᠤᠯᠬᠤ ᠪᠠᠷ ᠠᠵᠠ ᠳᠤᠬᠢᠶᠠᠯ ᠪᠤᠯᠭᠠᠵᠤ᠂ ᠡᠨᠧᠷᠭᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠦᠷ᠎ᠠ ᠪᠦᠲᠦᠮᠵᠢ ᠪᠤᠯᠤᠨ ᠬᠠᠩᠭᠠᠨ ᠪᠠᠳᠤᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠤ᠂ ᠰᠢᠨ᠎ᠠ ᠬᠠᠭᠤᠴᠢᠨ ᠬᠦᠳᠡᠯᠭᠡᠬᠦ ᠡᠨᠧᠷᠭᠢ ᠶᠢᠨ ᠰᠤᠯᠢᠭᠳᠠᠯ ᠢ ᠲᠦᠷᠭᠡᠳᠭᠡᠵᠤ᠂ ᠬᠠᠮᠤᠭ ᠤᠨ ᠪᠠᠭ᠎ᠠ ᠡᠬᠢ ᠪᠠᠶᠠᠯᠢᠭ ᠤᠨ ᠬᠤᠷᠤᠭᠳᠠᠯ᠂ ᠬᠠᠮᠤᠭ ᠤᠨ ᠪᠠᠭ᠎ᠠ ᠪᠤᠬᠢᠷᠳᠤᠯ ᠤᠨ ᠭᠠᠳᠠᠭᠰᠢᠯᠠᠭᠤᠯᠤᠯᠳᠠ᠂ ᠬᠠᠮᠤᠭ ᠤᠨ ᠪᠠᠭ᠎ᠠ ᠠᠮᠢ ᠠᠬᠤᠢ ᠶᠢᠨ ᠦᠷᠡᠭᠳᠡᠯ ᠢᠶᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠤ᠂ ︽ᠭᠤᠷᠪᠠᠨ ᠤᠷᠤᠨ ᠭᠤᠷᠪᠠᠨ ᠱᠤᠭᠤᠮ︾ ᠢᠶᠠᠷ ᠳᠠᠪᠠᠵᠤ ᠪᠤᠯᠤᠰᠢ ᠦᠭᠡᠢ ᠤᠯᠠᠭᠠᠨ ᠱᠤᠭᠤᠮ ᠪᠤᠯᠭᠠᠵᠤ᠂ ᠠᠵᠤ ᠠᠬᠤᠢ ᠶᠢᠨ ᠠᠵᠢᠯᠯᠠᠭ᠎ᠠ ᠶᠢ ᠬᠡᠵᠢᠶᠡᠳᠡ ᠪᠠᠶᠢᠭᠠᠯᠢ ᠶᠢᠨ ᠡᠬᠢ ᠪᠠᠶᠠᠯᠢᠭ ᠪᠤᠯᠤᠨ ᠠᠮᠢ ᠠᠬᠤᠢ ᠤᠷᠴᠢᠨ ᠲᠤᠭᠤᠷᠢᠨ ᠤ ᠳᠠᠭᠠᠭᠠᠵᠤ ᠳᠡᠶᠢᠯᠬᠦ ᠬᠡᠪᠴᠢᠶᠠᠨ ᠳᠤ ᠬᠢᠵᠠᠭᠠᠷᠯᠠᠨ᠎ᠠ᠃ ᠬᠠᠳᠤᠨ ᠭᠤᠤᠯ ᠳᠠᠭᠠᠤ ᠶᠢᠨ ᠠᠮᠢ ᠠᠬᠤᠢ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ ᠬᠠᠳᠤᠨ ᠭᠤᠤᠯ ᠳᠠᠭᠠᠤ ᠤᠷᠤᠨ ᠳᠤ ᠪᠤᠬᠢᠷᠳᠤᠯ ᠶᠡᠭᠡ᠂ ᠭᠠᠳᠠᠭᠰᠢᠯᠠᠭᠤᠯᠤᠯᠳᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠶᠢ ᠡᠷᠡᠰ ᠬᠢᠵᠠᠭᠠᠷᠯᠠᠨ᠎ᠠ᠃      ᠵᠠᠰᠠᠵᠤ ᠰᠡᠷᠭᠦᠭᠡᠬᠦ ᠳᠤ ᠠᠩᠬᠠᠷᠤᠯ ᠢᠶᠠᠨ ᠲᠦᠪᠯᠡᠷᠡᠭᠦᠯᠵᠤ᠂ ᠠᠮᠢ ᠠᠬᠤᠢ ᠶᠢᠨ ᠪᠤᠯᠪᠠᠰᠤᠨ ᠢ ᠭᠠᠵᠠᠷ ᠤᠷᠤᠨ ᠤ ᠬᠦᠭᠵᠢᠯᠳᠡ ᠶᠢᠨ ᠬᠠᠮᠤᠭ ᠤᠨ ᠶᠡᠭᠡ ᠠᠮᠢᠵᠢᠷᠠᠯ ᠤᠨ ᠬᠦᠴᠦᠨ ᠪᠤᠯᠭᠠᠨ᠎ᠠ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠪᠠᠶᠢᠭᠠᠯᠢ ᠶᠢᠨ ᠡᠳ᠋ ᠬᠦᠷᠦᠩᠭᠡ᠂ ᠠᠮᠢ ᠠᠬᠤᠢ ᠶᠢᠨ ᠡᠳ᠋ ᠬᠦᠷᠦᠩᠭᠡ ᠪᠤᠯᠬᠤ ᠪᠦᠭᠡᠳ ᠨᠡᠶᠢᠭᠡᠮ ᠤᠨ ᠡᠳ᠋ ᠬᠦᠷᠦᠩᠭᠡ᠂ ᠠᠵᠤ ᠠᠬᠤᠢ ᠶᠢᠨ ᠡᠳ᠋ ᠬᠦᠷᠦᠩᠭᠡ ᠪᠤᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢ ᠬᠠᠮᠠᠭᠠᠯᠠᠬᠤ ᠪᠠ ᠵᠠᠰᠠᠵᠤ ᠰᠡᠷᠬᠦᠬᠡᠬᠦ ᠳᠤ ᠡᠷᠬᠡᠪᠰᠢ ᠶᠡᠷᠦᠩᠬᠡᠶᠢᠯᠡᠭᠰᠡᠨ ᠵᠠᠰᠠᠯᠳᠠ ᠬᠢᠬᠦ ᠬᠡᠷᠡᠭᠳᠡᠢ︾ ᠬᠡᠬᠦ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢᠨ ᠤᠷᠳᠤᠰ ᠲᠠᠬᠢ ᠰᠡᠷᠬᠡᠶᠢᠯᠡᠯᠳᠡ ᠶᠢᠨ ᠱᠤᠭᠤᠮ ᠢ ᠰᠠᠶᠢᠳᠤᠷ ᠰᠠᠬᠢᠨ ᠬᠠᠮᠠᠭᠠᠯᠠᠨ᠎ᠠ᠃ ᠠᠭᠤᠯᠠ ᠤᠰᠤ ᠤᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠬ ᠪᠡᠯᠴᠢᠬᠡᠷ ᠤᠨ ᠰᠢᠰᠲ᠋ᠧᠮ ᠲᠠᠢ ᠵᠠᠰᠠᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ︽ᠭᠤᠷᠪᠠᠨ ᠤᠷᠤᠨ︾ ᠤ ᠬᠦᠭᠵᠢᠬᠦᠯᠦᠯᠳᠡ ᠶᠢᠨ ᠳᠦᠯᠦᠪᠵᠢᠬᠦᠯᠬᠡ ᠶᠢ ᠴᠢᠩᠭ᠎ᠠ ᠬᠡᠷᠡᠭᠵᠢᠬᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠦᠨᠳᠦᠰᠦᠨ ᠨᠤᠳᠤᠬ ᠪᠡᠯᠴᠢᠬᠡᠷ ᠤᠨ ᠬᠠᠮᠠᠭᠠᠯᠠᠯᠳᠠ᠂ ᠪᠡᠯᠴᠢᠬᠡᠷᠯᠡᠭᠦᠯᠬᠦ ᠶᠢ ᠵᠤᠬᠰᠤᠭᠠᠬᠤ ᠰᠡᠯᠬᠦᠨ ᠮᠠᠯᠵᠢᠬᠤ ᠡᠬᠡᠯᠵᠢᠯᠡᠨ ᠮᠠᠯᠵᠢᠬᠤ ᠪᠠ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠠᠭᠤᠷᠬᠠᠢ ᠶᠢᠨ ᠤᠷᠤᠨ ᠤ ᠤᠷᠴᠢᠨ ᠠᠬᠤᠢ ᠶᠢ ᠵᠠᠰᠠᠵᠤ ᠰᠡᠷᠬᠦᠬᠡᠬᠦ ᠢᠨᠵᠧᠨᠧᠷᠢᠩ ᠢ ᠶᠡᠭᠡ ᠪᠠᠷ ᠬᠢᠵᠦ᠂ ᠳᠤᠮᠤ ᠬᠡᠪᠴᠢᠶᠡᠨ ᠤ ᠤᠯᠤᠰ ᠤᠨ ᠨᠤᠳᠤᠬ ᠳᠡᠪᠢᠰᠬᠡᠷ ᠢ ᠨᠤᠭᠤᠭᠠᠷᠠᠭᠤᠯᠤᠨ ᠤᠶᠢᠢᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠬᠦᠪᠴᠢ ᠶᠢᠨ ᠡᠯᠡᠰᠤ ᠶᠢ ᠵᠠᠰᠠᠬᠰᠠᠨ ᠳᠤᠷᠰᠢᠯᠭ᠎ᠠ ᠶᠢ ᠳ᠋ᠦᠩᠨᠡᠨ ᠳᠡᠯᠬᠡᠷᠡᠬᠦᠯᠵᠦ᠂ ᠠᠮᠢ ᠠᠬᠤᠢ ᠶᠢᠨ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢᠨ ᠦᠷ᠎ᠠ ᠪᠦᠳᠦᠮᠵᠢ ᠶᠢ ᠳᠠᠰᠤᠷᠠᠯᠳᠠ ᠦᠬᠡᠢ ᠪᠠᠬᠢᠵᠢᠬᠦᠯᠦᠨ ᠦᠷᠬᠡᠳᠬᠡᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠳᠦᠷᠢᠮ ᠤᠨ ᠤᠯᠠᠭᠠᠨ ᠱᠤᠭᠤᠮ ᠢᠶᠠᠷ ᠪᠤᠬᠢᠷᠳᠤᠯ ᠦᠬᠡᠢ‌‍ᠪᠠᠷ ᠬᠦᠭᠵᠢᠭᠦᠯᠬᠦ ᠬᠤᠷᠢᠭ᠎ᠠ ᠱᠤᠭᠤᠮ ᠢ ᠰᠠᠬᠢᠨ ᠬᠠᠮᠠᠭᠠᠯᠠᠨ᠎ᠠ᠃      ᠪᠤᠬᠢᠷᠳᠤᠯ ᠢ ᠰᠡᠷᠬᠡᠶᠢᠯᠡᠨ ᠵᠠᠰᠠᠬᠤ ᠳᠤ ᠠᠩᠬᠠᠷᠤᠯ ᠢᠶᠠᠨ ᠳᠦᠪᠯᠡᠷᠡᠬᠦᠯᠵᠦ᠂ ᠠᠮᠢ ᠠᠬᠤᠢ ᠶᠢᠨ ᠦᠢᠯᠡᠳᠬᠦᠨ ᠤ ᠬᠠᠩᠭᠠᠯᠭ᠎ᠠ ᠶᠢ ᠦᠷᠬᠦᠯᠵᠢᠯᠡᠨ ᠰᠢᠯᠢᠳᠡᠭᠵᠢᠬᠦᠯᠬᠦ ᠶᠢ ᠠᠬᠢᠭᠤᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠳᠠᠪᠠᠭᠤ ᠬᠦᠴᠦ ᠪᠠᠨ ᠳᠦᠪᠯᠡᠷᠡᠬᠦᠯᠦᠨ᠂ ᠡᠯ᠎ᠠ ᠳᠠᠯ᠎ᠠ ᠶᠢᠨ ᠬᠦᠴᠦᠨ ᠢ ᠳᠠᠶᠢᠴᠢᠯᠠᠵᠦ ᠪᠠᠶᠢᠭᠠᠳ᠂ ᠠᠮᠢ ᠠᠬᠤᠢ ᠤᠷᠴᠢᠨ ᠳᠤᠭᠤᠷᠢᠨ ᠤ ᠶᠠᠰᠤ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠠ᠃ ᠬᠦᠬᠡ ᠤᠬᠳᠠᠷᠭᠤᠢ᠂ ᠴᠡᠩᠬᠡᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ ᠤᠯᠬᠤ ᠶᠢᠨ ᠳᠤᠭᠤᠷᠢᠨ ᠳᠤ᠂ ᠭᠤᠤᠯᠳᠠᠯᠭ᠎ᠠ ᠲᠠᠢ ᠤᠷᠤᠨ ᠪᠦᠰᠡ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠳᠤ ᠴᠢᠭᠯᠡᠬᠦᠯᠦᠨ ᠪᠤᠭᠤᠮᠳᠠ ᠰᠢᠪᠳᠤᠯᠬᠤ ᠡᠷᠴᠢᠮ ᠪᠤᠯᠤᠨ ᠪᠠᠶᠢᠳᠠᠯ ᠢᠶᠠᠨ ᠪᠠᠳᠤᠯᠠᠵᠦ᠂ ᠠᠷᠠᠳ ᠢᠷᠬᠡᠳ ᠤᠨ ᠳᠡᠷᠬᠡᠳᠡ ᠳᠤᠪᠤᠶᠢᠮ᠎ᠠ ᠤᠷᠤᠰᠢᠵᠦ ᠪᠠᠶᠢᠭ᠎ᠠ ᠠᠮᠢ ᠠᠬᠤᠢ ᠤᠷᠴᠢᠨ ᠳᠤᠭᠤᠷᠢᠨ ᠤ ᠠᠰᠠᠭᠤᠳᠠᠯ ᠤᠳ ᠢ ᠰᠢᠢᠳᠪᠤᠷᠢᠯᠡᠬᠦ ᠳᠤ ᠬᠦᠴᠦᠯᠡᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠭᠢᠨ ᠬᠠᠷᠠᠬᠤ︾ ᠳᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠬᠦᠯᠵᠢᠯᠡᠨ ᠰᠠᠶᠢᠲᠤᠷ ᠠᠳᠬᠤᠵᠤ᠂ ᠦᠪᠡᠷᠲᠡᠭᠡᠨ ᠵᠠᠰᠠᠬᠤ ᠤᠷᠤᠨ ᠤ ︽ᠳᠦᠷᠪᠡᠨ ᠶᠡᠭᠡ ᠤᠷᠴᠢᠨ ᠲᠤᠭᠤᠷᠢᠨ ᠤ ᠬᠠᠮᠠᠭᠠᠯᠠᠯᠲᠠ︾ ᠶᠢᠨ ᠲᠤᠰᠬᠠᠢ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠤᠷᠳᠤᠰ ᠤᠨ ᠲᠡᠭᠷᠢ ᠶᠢ ᠨᠡᠩ ᠴᠡᠯᠮᠡᠭ᠂ ᠠᠭᠤᠯᠠ ᠶᠢ ᠨᠡᠩ ᠨᠤᠭᠤᠭᠠᠨ᠂ ᠤᠰᠤ ᠶᠢ ᠨᠡᠩ ᠲᠤᠩᠭᠠᠯᠠᠬ᠂ ᠠᠭᠠᠷ ᠢ ᠨᠡᠩ ᠰᠢᠨ᠎ᠠ ᠰᠤᠷᠭᠤᠭ ᠪᠤᠯᠭᠠᠨ᠎ᠠ᠃      ᠪᠠᠶᠢᠡᠭᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠠᠢ ᠪᠠᠶᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠡᠯ᠎ᠠ ᠵᠦᠢᠯ ᠤᠨ ᠠᠵᠢᠯ ᠤᠨ ᠡᠭᠦᠷᠭᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠢᠳᠡ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠳᠤ ᠦᠭᠭᠦᠭᠰᠡᠨ ᠵᠢᠭᠠᠪᠤᠷᠢ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠭᠡᠷᠡᠴᠢᠯᠡᠯᠲᠡ ᠬᠦᠭᠵᠢᠯᠲᠡ ᠲᠤᠬᠲᠠᠭᠤᠨ ᠪᠤᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠠ ᠵᠦᠢᠯ ᠤᠨ ᠠᠵᠢᠯ ᠢ ᠡᠷᠡᠰ ᠭᠤᠶᠢᠪᠢᠰᠢ ᠦᠭᠡᠢ᠂ ᠢᠮᠠᠬᠲᠠ ᠪᠠᠷᠢᠮᠲᠠᠯᠠᠨ ᠠᠬᠢᠭᠤᠯᠤᠨ᠎ᠠ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠦᠷᠬᠦᠯᠵᠢᠯᠡᠨ ᠯᠠᠪᠳᠠᠭᠤᠨ ᠢᠶᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠭᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠠ᠃ ᠲᠡᠰᠪᠤᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠶᠢᠬᠤ ᠰᠤᠷᠲᠠᠯ ᠢ ᠢᠮᠠᠬᠲᠠ ᠪᠠᠷᠢᠮᠲᠠᠯᠠᠵᠤ᠂ ᠠᠷᠪᠢᠯᠡᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠤᠯᠠᠮ ᠴᠢᠨᠠᠬᠰᠢᠲᠠ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠡᠵᠡᠮᠳᠡᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠶᠢᠢᠯᠠᠭᠠᠬᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠤᠯᠤᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠪᠤᠯᠤᠨ ᠨᠡᠶᠢᠭᠡᠮ ᠤᠨ ᠲᠤᠬᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号