4 ᠰᠠᠷ᠎ᠠ ᠶᠢᠨ 4 ᠤ ᠡᠳᠦᠷ ᠮᠠᠨ ᠤ ᠬᠤᠰᠢᠭᠤ ᠪᠠᠭᠠᠳᠤᠷᠴᠤᠳ ᠤᠨ ᠰᠤᠪᠤᠷᠭᠠᠨ ᠳᠤ ︽ᠦᠷᠡᠭᠳᠡᠭᠰᠡᠨ | ᠪᠠᠭᠠᠲᠤᠷᠴᠤᠳ ᠢᠶᠠᠨ ᠳᠣᠷᠠᠰᠣᠨ ᠰᠠᠨᠠᠭᠠᠯᠵᠠᠵᠤ ᠬᠠᠳᠠᠭᠤᠵᠢᠯᠳᠠᠢ ᠪᠠᠷ ᠤᠷᠤᠭᠰᠢᠯᠠᠨ ᠲᠡᠮᠡᠴᠡᠶ᠎ᠡ︾ ᠬᠡᠬᠦ | ᠬᠠᠩᠰᠢ ᠶᠢᠨ ᠡᠳᠦᠷ ᠤᠨ ᠭᠤᠤᠯ ᠰᠡᠳᠦᠪᠲᠤ ᠠᠵᠢᠯᠯᠠᠭ᠎ᠠ ᠦᠷᠨᠢᠬᠦᠯᠪᠠ᠃ᠦᠳᠡ ᠶᠢᠨ ᠡᠮᠦᠨ᠎ᠡ ᠶᠢᠨ 9 ᠴᠠᠭ ᠲᠤ᠂ | ᠬᠤᠰᠢᠭᠤ ᠨᠠᠮ ᠶᠢᠨ ᠬᠤᠷᠢᠶᠠᠨ ᠤ ᠪᠠᠶᠢᠩᠭᠤ ᠶᠢᠨ ᠬᠡᠰᠢᠬᠦᠨ ᠤᠬᠠᠭᠤᠯᠬᠤ ᠬᠡᠯᠳᠡᠰ ᠤᠨ ᠲᠠᠷᠤᠭ᠎ᠠ ᠹᠧᠩ ᡁᠢ ᠮᠢᠩ᠂ | ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠯᠸᠢ ᠬᠠᠰ᠂ ᠬᠤᠰᠢᠭᠤ ᠣᠯᠣᠰ ᠲᠦᠷᠦ | ᠬᠠᠣᠯᠢ ᠴᠠᠭᠠᠵᠠ ᠶᠢᠨ ᠬᠤᠷᠢᠶ᠎ᠠ᠂ ᠬᠤᠰᠢᠭᠤ ᠪᠣᠯᠪᠠᠰᠣᠨ ᠤ ᠠᠯᠪᠠᠨ ᠬᠡᠷ᠂ ᠬᠤᠰᠢᠭᠤ ᠰᠢᠭᠤᠳ ᠬᠠᠷᠢᠶ᠎ᠠ ᠠᠯᠪᠠᠨ | ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ᠂ ᠬᠤᠰᠢᠭᠤ ᠡᠮᠡᠭᠳᠡᠶᠢᠴᠣᠳ ᠤᠨ ᠬᠤᠯᠪᠣᠭᠠᠳᠣ ᠬᠤᠷᠠᠯ᠂ | ᠬᠤᠰᠢᠭᠤ ᠰᠣᠷᠭᠠᠨ ᠬᠦᠮᠦᠵᠢᠯ ᠪᠠᠶ᠎ᠠ ᠳᠠᠮᠢᠷ ᠤᠨ ᠳᠣᠪᠴᠢᠶ᠎ᠠ᠂ ᠬᠤᠰᠢᠭᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠦᠪᠯᠡᠯ᠂ ᠬᠤᠰᠢᠭᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠣᠳᠠᠯ ᠤᠨ | ᠳᠣᠪᠴᠢᠶ᠎ᠠ᠂ ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ᠂ ᠬᠤᠰᠢᠭᠤ ᠵᠡᠪᠰᠡᠭᠲᠦ ᠴᠠᠭᠳᠠᠭᠠᠨ ᠤ ᠳᠣᠮᠳᠠ | ᠠᠩᠬᠢ᠂ ᠬᠤᠰᠢᠭᠤ ᠭᠠᠯ ᠰᠠᠷᠬᠡᠶᠢᠯᠡᠯᠳᠡ ᠶᠢᠨ ᠳᠣᠮᠳᠠ ᠠᠩᠬᠢ ᠶᠢᠨ ᠭᠤᠣᠯ ᠬᠠᠷᠢᠭᠤᠴᠠᠯᠭᠠᠳᠠᠨ ᠵᠢᠴᠢ ᠨᠠᠮ ᠤᠨ | ᠬᠡᠰᠢᠬᠦᠳ᠂ ᠺᠡᠳ᠋ᠷ ᠠᠵᠢᠯᠳᠠᠳ᠂ ᠲᠤᠮᠳᠠᠲᠤ ᠪᠠᠭ᠎ᠠ ᠰᠤᠷᠭᠠᠭᠤᠯᠢ ᠶᠢᠨ ᠰᠣᠷᠣᠭᠴᠢᠳ ᠵᠢᠴᠢ ᠨᠡᠶᠢᠬᠡᠮ ᠤᠨ ᠡᠯ᠎ᠡ | ᠡᠳᠡᠭᠡᠳ ᠤᠨ ᠬᠢᠨ ᠤ ᠮᠢᠩᠭ᠎ᠠ ᠬᠢᠷᠢᠳᠡᠢ ᠬᠦᠮᠦᠨ ᠪᠠᠭᠠᠳᠤᠷᠴᠤᠳ ᠤᠨ ᠰᠤᠪᠤᠷᠭᠠᠨ ᠳᠤ ᠦᠷᠡᠭᠳᠡᠭᠰᠡᠨ | ᠪᠠᠭᠠᠲᠤᠷᠴᠤᠳ ᠢᠶᠠᠨ ᠲᠤᠷᠠᠰᠤᠨ ᠰᠠᠨᠠᠭᠠᠯᠵᠠᠵᠣ ᠪᠠᠶᠢᠭ᠎ᠠ ᠪᠠᠨ ᠢᠯᠡᠷᠭᠡᠶᠢᠯᠡᠨ ᠰᠤᠷᠭᠤᠭ ᠴᠡᠴᠡᠭ ᠬᠦᠷᠭᠡᠨ | ᠬᠦᠨᠳᠦᠳᠬᠡᠯ ᠲᠡᠪᠰᠢᠬᠦᠯᠦᠯ᠎ᠡ᠃ | ᠠᠵᠢᠯᠯᠠᠭᠠᠨ ᠳᠤ ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ᠂ ᠵᠡᠪᠰᠡᠭᠲᠦ ᠴᠠᠭᠳᠠᠭᠠᠨ ᠤ ᠠᠩᠬᠢ᠂ | ᠵᠠᠯᠠᠭᠤ ᠪᠠᠭᠠᠴᠤᠳ ᠤᠨ ᠲᠦᠯᠦᠬᠡᠯᠡᠭᠴᠢᠳ ᠵᠢᠴᠢ ᠪᠦᠬᠦ ᠣᠷᠣᠯᠴᠠᠭᠰᠠᠳ ᠲᠡᠷᠢ ᠲᠡᠭᠰᠢ ᠮᠦᠷᠥᠯᠠᠨ ᠵᠢᠭᠰᠠᠵᠤ᠂ | ᠦᠨᠳᠦᠰᠦᠲᠡᠨ ᠤ ᠲᠤᠰᠠᠭᠠᠷ ᠲᠤᠭᠳᠠᠨᠢᠯ᠂ ᠠᠷᠠᠳ ᠶᠢᠨ ᠴᠢᠯᠦᠬᠡᠯᠡᠯᠳᠡ᠂ ᠨᠡᠶᠢᠬᠡᠮ ᠵᠢᠷᠤᠮ ᠶᠢᠨ ᠪᠦᠲᠦᠬᠡᠨ | ᠪᠠᠶᠢᠭᠤᠯᠤᠯᠳᠠ ᠶᠢᠨ ᠦᠢᠯᠡᠰ ᠲᠤ ᠪᠠᠭᠠᠳᠤᠷᠯᠢᠭ ᠢᠶᠠᠷ ᠦᠷᠡᠭᠳᠡᠭᠰᠡᠨ ᠪᠠᠭᠠᠲᠤᠷᠴᠤᠳ ᠢᠶᠠᠨ ᠲᠤᠷᠠᠰᠤᠨ | ᠭᠠᠰᠢᠭᠤᠳᠠᠭᠰᠠᠨ ᠪᠠᠶᠢᠨ᠎ᠠ︔ ︽︿ᠪᠣᠯᠪᠠᠰᠣᠨ ᠢᠶᠠᠷ ᠬᠠᠩᠰᠢ ᠶᠢᠨ ᠡᠳᠦᠷ ᠢᠶᠠᠨ ᠳᠣᠷᠠᠰᠬᠠᠬᠤ ﹀ ᠰᠠᠨᠠᠭᠠᠴᠢᠯᠠᠭ᠎ᠠ | ᠶᠢᠨ ᠪᠢᠴᠢᠭ︾ ᠢ ᠣᠩᠰᠢᠨ ᠨᠠᠶᠢᠳᠠᠯᠠᠪᠠ︔ ᠪᠡᠯᠡᠳᠬᠡᠯ ᠨᠠᠮ ᠤᠨ ᠬᠡᠰᠢᠬᠦᠨ ᠪᠠᠭᠠᠳᠤᠷᠴᠤᠳ ᠤᠨ ᠰᠤᠪᠤᠷᠭᠠᠨ ᠳᠤ | ᠡᠮᠣᠨ᠎ᠠ ᠲᠦᠪ ᠴᠢᠩᠭ᠎ᠠ ᠳᠠᠩᠭᠠᠷᠢᠭᠯᠠᠵᠣ ᠬᠤᠳᠠ ᠶᠢᠨ ᠮᠣᠩᠭᠤᠯ ᠦᠨᠳᠣᠰᠣᠳᠠᠨ ᠤ ᠬᠤᠶᠠᠳᠣᠭᠠᠷ ᠳᠣᠮᠳᠠᠳᠣ | ᠰᠣᠷᠭᠠᠭᠤᠯᠢ ᠶᠢᠨ ᠰᠢᠨ᠎ᠡ ᠡᠪᠯᠡᠯ ᠤᠨ ᠬᠡᠰᠢᠬᠦᠳ ᠠᠴᠠ ᠡᠪᠯᠡᠯ ᠳᠤ ᠤᠷᠤᠬᠤ ᠪᠠᠷ ᠳᠠᠩᠭᠠᠷᠢᠭᠯᠠᠪᠠ᠃ | ᠠᠵᠢᠯᠯᠠᠭᠠᠨ ᠤ ᠡᠴᠣᠰ ᠲᠤ ︽ᠦᠷᠡᠭᠳᠡᠭᠰᠡᠨ ᠪᠠᠭᠠᠲᠤᠷᠴᠤᠳ ᠢᠶᠠᠨ ᠳᠣᠷᠠᠰᠣᠨ ᠰᠠᠨᠠᠭᠠᠯᠵᠠᠵᠣ | ᠬᠠᠳᠠᠭᠤᠵᠢᠯᠳᠠᠢ ᠪᠠᠷ ᠤᠷᠤᠭᠰᠢᠯᠠᠨ ᠲᠡᠮᠡᠴᠡᠶ᠎ᠡ︾ ᠰᠠᠳᠣᠪᠳᠣ ᠮᠡᠳᠡᠯᠬᠡ ᠶᠢᠨ ᠣᠷᠣᠯᠳᠣᠭᠠᠨ ᠦᠷᠨᠢᠬᠦᠯᠣᠨ ᠣᠯᠠᠨ | ᠢᠶᠠᠷ ᠢᠶᠠᠨ ᠢᠳᠡᠪᠬᠢᠳᠡᠢ ᠣᠷᠣᠯᠴᠠᠭᠰᠠᠨ ᠤ ᠬᠠᠮᠳᠣ ᠡᠯ᠎ᠡ ᠰᠣᠷᠭᠠᠭᠤᠯᠢ ᠶᠢᠨ ᠬᠢᠨ ᠰᠣᠷᠣᠭᠴᠢᠳ ᠢᠶᠠᠨ ᠵᠣᠬᠢᠶᠠᠨ | ᠪᠠᠶᠢᠭᠤᠯᠣᠨ ᠪᠠᠭᠠᠳᠤᠷᠴᠤᠳ ᠤᠨ ᠰᠣᠪᠣᠷᠭ᠎ᠠ ᠶᠢᠨ ᠬᠦᠷᠢᠶᠠᠯᠠᠩ ᠤᠨ ᠬᠤᠭ ᠨᠣᠪᠰᠢ ᠶᠢ ᠱᠦᠬᠦᠷᠳᠡᠨ ᠴᠡᠪᠡᠷᠯᠡᠪᠠ᠃ |