4 ᠰᠠᠷ᠎ᠠ ᠶᠢᠨ 3 ᠤ ᠡᠳᠦᠷ ᠪᠦᠬᠦ ᠬᠤᠰᠢᠭᠤᠨ ᠤ ᠠᠵᠣ ᠦᠢᠯᠡᠳᠪᠦᠷᠢ ᠶᠢᠨ ᠠᠵᠣ ᠠᠬᠤᠢ ᠴᠢᠮᠡᠭᠡ | ᠵᠠᠩᠬᠢᠴᠢᠯᠠᠯᠳᠠ ᠠᠶᠣᠯᠬᠦᠢ ᠦᠢᠯᠡᠳᠪᠦᠷᠢᠯᠠᠯ ᠤᠨ ᠠᠵᠢᠯ ᠵᠢᠴᠢ ᠨᠠᠮ ᠤᠨ ᠰᠣᠷᠳᠠᠯ ᠴᠢᠬᠡᠴᠢ ᠵᠠᠰᠠᠭ ᠤᠨ | ᠪᠠᠶᠢᠭᠤᠯᠣᠯᠲᠠ ᠶᠢᠨ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ | ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ | ᠪᠠᠶᠠᠨᠴᠢᠮᠡᠭ᠂ ᠳ᠋ᠧᠦ ᡁᠢ ᠴᠢᠶᠠᠩ᠂ ᠰᠢᠶᠣᠣ ᡁᠢ ᠺᠤᠸᠠᠨ ᠪᠤᠯᠤᠨ ᠡᠯ᠎ᠡ ᠰᠣᠮᠣ ᠪᠠᠯᠭᠠᠰᠣ᠂ ᠠᠵᠣ ᠠᠬᠤᠢ ᠶᠢᠨ | ᠨᠡᠬᠡᠬᠡᠯᠳᠡ ᠶᠢᠨ ᠣᠷᠣᠨ ︵ ᠳᠣᠭᠤᠷᠢᠭ︶᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠬᠡᠰᠡᠭ ᠭᠤᠣᠯ | ᠪᠣᠯᠬᠤ ᠠᠵᠣ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠠᠴᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ | ᠺᠠᠳ᠋ᠷᠴᠣᠳ ᠤᠨ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾ | ᠪᠠ ᠪᠦᠬᠦ ᠬᠤᠳᠠ ᠶᠢᠨ ᠨᠢᠬᠡᠳᠣᠬᠡᠷ ᠣᠯᠠᠷᠢᠯ ᠤᠨ ᠠᠶᠦᠯᠬᠦᠢ ᠦᠢᠯᠡᠳᠪᠦᠷᠢᠯᠡᠯ ᠤᠨ ᠳᠣᠬᠢᠷᠠᠭᠤᠯᠣᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠦ᠂ 2018 ᠣᠨ ᠤ ᠠᠵᠢᠯ ᠢᠶᠠᠨ ᠡᠷᠬᠢᠴᠡᠬᠦᠯᠦᠨ | ᠳ᠋ᠦᠩᠨᠡᠵᠣ ᠨᠢᠬᠡᠳᠣᠬᠡᠷ ᠣᠯᠠᠷᠢᠯ ᠤᠨ ᠠᠵᠢᠯ ᠤᠨ ᠪᠠᠶᠢᠳᠠᠯ ᠢ ᠨᠡᠶᠢᠳᠡᠯᠡᠬᠦ ᠶᠢᠨ ᠬᠠᠮᠲᠣ ᠡᠨᠡ ᠵᠢᠯ ᠤᠨ ᠡᠯ᠎ᠡ ᠳᠦᠷᠦᠯ | ᠤᠨ ᠠᠵᠢᠯ ᠳᠤ ᠪᠠᠶᠢᠷᠢᠯᠠᠭᠤᠯᠣᠯᠲᠠ ᠬᠢᠪᠡ᠃ | ᠵᠣᠣ ᠹᠧᠢ ᠯᠣ᠋ ᠵᠢᠭᠠᠬᠤ ᠳᠠᠭᠠᠨ ᠣᠶᠢᠷ᠎ᠠ ᠳᠤ ᠪᠦᠬᠦ ᠣᠯᠣᠰ ᠲᠤ ᠣᠯᠠᠨ ᠣᠳᠠᠭᠠᠨ ᠤ ᠠᠶᠣᠯᠬᠦᠢ | ᠦᠢᠯᠡᠳᠪᠦᠷᠢᠯᠡᠯ ᠤᠨ ᠠᠳᠠᠯ ᠭᠡᠨᠡᠳᠡᠯ ᠭᠠᠷᠣᠯ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠬᠡᠨᠡᠳᠡᠯ ᠠᠴᠠ | ᠰᠣᠷᠭᠠᠮᠵᠢ ᠠᠪᠴᠦ᠂ ᠠᠯᠮᠠᠶᠢᠷᠠᠬᠤ ᠦᠵᠡᠯ ᠢᠶᠠᠨ ᠳᠡᠪᠴᠢᠨ ᠠᠷᠠᠳ ᠲᠦᠮᠡᠨ ᠤ ᠠᠮᠢ ᠨᠠᠰᠣ ᠪᠠ ᠡᠳ᠋ ᠬᠦᠷᠦᠩᠬᠡ | ᠶᠢᠨ ᠠᠮᠣᠷ ᠲᠦᠪᠰᠢᠨ ᠢ ᠴᠢᠬᠤᠯᠠᠴᠢᠯᠡᠨ ᠠᠳᠬᠤᠬᠤ ᠬᠡᠷᠡᠭᠲᠡᠢ ᠬᠡᠪᠠ᠃ | ᠵᠣᠣ ᠹᠧᠢ ᠯᠣ᠋ ᠴᠢᠬᠤᠯᠠᠴᠢᠯᠠᠬᠤ ᠳᠠᠭᠠᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠠᠬᠤ | ᠣᠷᠣᠨ᠂ ᠬᠤᠳᠠ ᠶᠢᠨ ᠠᠶᠦᠯᠬᠦᠢ ᠦᠢᠯᠡᠳᠪᠦᠷᠢᠯᠡᠯ ᠶᠢᠨ ᠪᠠᠶᠢᠴᠠᠭᠠᠯᠳᠠ ᠶᠢᠨ ᠳᠣᠭᠤᠶᠢᠯᠠᠩ ᠠᠴᠠ ᠳᠣᠰᠬᠠᠭᠰᠠᠨ | ᠠᠰᠠᠭᠤᠳᠠᠯ ᠪᠠ ᠮᠠᠨ ᠤ ᠬᠤᠰᠢᠭᠤᠨ ᠤ ᠪᠠᠶᠢᠴᠠᠭᠠᠵᠦ ᠢᠯᠡᠷᠡᠬᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ | ᠰᠢᠢᠳᠪᠣᠷᠢᠯᠡᠵᠣ᠂ ᠠᠶᠣᠯᠬᠦᠢ ᠣᠶᠢᠯᠡᠳᠪᠣᠷᠢᠯᠡᠯ ᠤᠨ ᠬᠦᠮᠦᠵᠢᠯ ᠤᠨ ᠪᠣᠯᠪᠠᠰᠣᠷᠠᠯ ᠢ ᠢᠳᠡᠪᠬᠢᠲᠡᠢ ᠡᠷᠬᠢᠯᠡᠨ | ᠠᠶᠣᠯᠬᠦᠢ ᠦᠢᠯᠡᠳᠪᠦᠷᠢᠯᠡᠯ ᠤᠨ ᠠᠵᠢᠯ ᠢ ᠢᠮᠠᠭᠳᠠ ᠴᠢᠩᠭ᠎ᠠ ᠠᠳᠬᠤᠵᠦ ︽ᠦᠪᠦᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠣᠳ ᠤᠨ ᠠᠶᠣᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾ ᠢ ᠴᠢᠩᠭ᠎ᠠ ᠳᠣᠭᠤᠰᠢᠯᠠᠭᠤᠯᠵᠣ ︽ᠨᠠᠮ ᠵᠠᠰᠠᠭ | ᠬᠠᠷᠢᠭᠤᠴᠠᠯᠭ᠎ᠠ ᠨᠢᠬᠡᠳᠡᠢ᠂ ᠨᠢᠬᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ᠂ ᠬᠠᠮᠲᠣ ᠳᠤᠨᠢ ᠠᠳᠬᠤᠵᠦ | ᠨᠢᠬᠡᠳᠦᠯᠲᠡᠢ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠦᠷᠦᠯ᠂ | ᠳᠣᠬᠠᠶᠢᠯᠠᠭᠰᠠᠨ ᠠᠵᠢᠯ᠂ ᠦᠢᠯᠡᠳᠪᠦᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠭᠡᠪᠰᠢ ᠠᠶᠦᠯᠬᠦᠢ ᠶᠢ ᠬᠠᠮᠢᠶᠠᠷᠬᠤ | ᠬᠡᠷᠡᠭᠲᠡᠢ︾ ᠬᠡᠬᠦ ᠱᠠᠭᠠᠷᠳᠠᠯᠭ᠎ᠠ ᠪᠠᠷ ᠬᠠᠷᠢᠭᠤᠴᠠᠯᠭ᠎ᠠ ᠪᠠᠨ ᠳᠣᠳᠣᠷᠬᠠᠶᠢᠯᠠᠬᠤ ᠬᠡᠷᠡᠭᠲᠡᠢ᠃ ᠬᠢᠨᠠᠨ ᠪᠠᠶᠢᠴᠠᠭᠠᠬᠤ | ᠳᠦᠷᠢᠮ ᠪᠠ ᠠᠵᠣ ᠠᠬᠤᠶᠢᠯᠠᠯ ᠤᠨ ᠳᠣᠳᠣᠭᠠᠲᠣ ᠶᠢᠨ ᠬᠠᠮᠢᠶᠠᠷᠣᠯᠳᠠ ᠶᠢᠨ ᠳᠦᠷᠢᠮ ᠢ ᠳᠡᠬᠦᠯᠳᠡᠷᠵᠢᠬᠦᠯᠵᠦ᠂ | ᠠᠶᠣᠯᠬᠦᠢ ᠦᠢᠯᠡᠳᠪᠦᠷᠢᠯᠡᠯ ᠤᠨ ᠬᠡᠪᠴᠢᠶᠡᠵᠢᠭᠰᠡᠨ᠂ ᠳᠦᠷᠢᠮᠵᠢᠭᠰᠡᠨ᠂ ᠪᠠᠷᠢᠮᠵᠢᠶᠠᠴᠢᠯᠠᠭᠰᠠᠨ ᠬᠠᠮᠢᠶᠠᠷᠣᠯᠳᠠ ᠶᠢᠨ | ᠳᠦᠪᠰᠢᠨ ᠢ ᠳᠡᠭᠡᠭᠰᠢᠯᠡᠬᠦᠯᠵᠦ᠂ ᠠᠶᠣᠯᠬᠦᠢ ᠦᠢᠯᠡᠳᠪᠦᠷᠢᠯᠡᠯ ᠤᠨ ᠳᠠᠯᠳᠠ ᠬᠡᠮ ᠢ ᠴᠡᠭᠴᠡᠯᠡᠨ ᠵᠠᠰᠠᠬᠤ | ᠬᠠᠮᠢᠶᠠᠷᠣᠯᠳᠠ ᠶᠢᠨ ᠱᠠᠭᠠᠷᠳᠠᠯᠭ᠎ᠠ ᠪᠠᠷ ᠢᠯᠡᠷᠡᠬᠦᠯᠦᠭᠰᠡᠨ ᠳᠠᠯᠳᠠ ᠬᠡᠮ ᠢ ᠡᠷᠡᠰ ᠴᠡᠭᠴᠡᠯᠡᠨ ᠰᠢᠢᠳᠪᠣᠷᠢᠯᠡᠬᠦ ᠶᠢᠨ | ᠬᠠᠮᠲᠣ ᠳᠠᠯᠳᠠ ᠬᠡᠮ ᠤᠨ ᠰᠢᠯᠳᠠᠭᠠᠨ ᠢ ᠪᠠᠶᠢᠴᠠᠭᠠᠵᠦ᠂ ᠣᠷᠳᠣ ᠬᠤᠭᠤᠴᠠᠭᠠᠨ ᠤ ᠠᠵᠢᠯᠯᠠᠬᠤ ᠳᠣᠭᠳᠠᠯᠴᠠᠭ᠎ᠠ ᠶᠢ | ᠪᠠᠶᠢᠭᠤᠯᠵᠦ᠂ ᠳᠠᠯᠳᠠ ᠬᠡᠮ ᠢ ᠪᠦᠲᠦᠮᠵᠢᠲᠡᠢ ᠪᠠᠭᠠᠰᠬᠠᠵᠦ᠂ ᠬᠡᠨᠡᠳᠡᠯ ᠢ ᠬᠤᠷᠢᠭᠯᠠᠬᠤ ᠬᠡᠷᠡᠭᠲᠡᠢ ᠬᠡᠵᠦ | ᠴᠢᠬᠤᠯᠠᠴᠢᠯᠠᠪᠠ᠃ | ᠬᠠᠩᠰᠢ ᠶᠢᠨ ᠬᠤᠭᠤᠴᠠᠭᠠᠨ ᠤ ᠣᠢ ᠰᠢᠭᠤᠢ ᠶᠢᠨ ᠭᠠᠯ ᠰᠠᠷᠬᠡᠶᠢᠯᠡᠯᠳᠡ ᠶᠢᠨ ᠠᠵᠢᠯ ᠤᠨ ᠳᠣᠬᠠᠢ ᠵᠣᠣ ᠹᠧᠢ | ᠯᠣ᠋ ᠴᠢᠬᠤᠯᠠᠴᠢᠯᠠᠬᠤ ᠳᠠᠭᠠᠨ ᠰᠣᠮᠣ ᠪᠠᠯᠭᠠᠰᠣ᠂ ᠭᠠᠴᠠᠭ᠎ᠠ ᠳᠣᠰᠬᠤᠨ ᠤ ᠺᠠᠳ᠋ᠷᠴᠣᠳ ᠣᠬᠠᠭᠤᠯᠭ᠎ᠠ ᠶᠢ ᠰᠠᠶᠢᠳᠣᠷ | ᠬᠢᠵᠦ᠂ ᠦᠷᠭᠡᠨ ᠣᠯᠠᠨ ᠮᠠᠯᠴᠢᠨ ᠳᠠᠷᠢᠶᠠᠴᠢᠳ ᠢ ᠪᠣᠯᠪᠠᠰᠣᠨ ᠢᠶᠠᠷ ᠳᠠᠬᠢᠯᠠᠭ᠎ᠠ ᠬᠢᠬᠦ ᠶᠢ ᠵᠢᠯᠣᠭᠤᠳᠣᠨ ᠳᠣᠭᠤᠷᠢᠨ | ᠪᠠᠶᠢᠴᠠᠭᠠᠬᠤ ᠶᠢ ᠴᠢᠩᠭᠠᠳᠬᠠᠵᠦ᠂ ᠭᠠᠯ ᠤᠨ ᠠᠶᠣᠯ ᠭᠠᠷᠬᠤ ᠦᠬᠡᠢ ᠶᠢ ᠪᠠᠳᠣᠯᠬᠠᠣ ᠬᠡᠷᠡᠭᠲᠡᠢ ᠬᠡᠪᠡ᠃ | |