4 ᠰᠠᠷ᠎ᠠ ᠶᠢᠨ 2 ᠤᠨ ᠡᠳᠤᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠵᠧᠩ ᠹᠦ᠋ ᠲᠢᠶᠠᠨ ᠨᠠᠷ | ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ | ᠨᠠᠮ ᠤᠨ ᠲᠤᠭᠤᠶᠢᠯᠠᠩ ᠤᠨ ᠱᠦᠵᠢ᠂ ᠲᠡᠷᠢᠬᠦᠯᠡᠭᠴᠢ ᠬᠤᠤ ᠸᠧᠢ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ | ᠳᠡᠳ᠋ ᠲᠡᠷᠢᠬᠦᠯᠡᠭᠴᠢ ᠯᠢ ᠵᠢᠷᠤᠮᠳᠤ ᠵᠢᠴᠢ ᠤᠯᠤᠰ ᠲᠦᠷᠦ ᠶᠢᠨ ᠵᠦᠪᠯᠡᠯᠭᠡᠨ ᠤ ᠬᠤᠯᠪᠤᠭᠳᠠᠯ ᠪᠦᠬᠦᠢ | ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃ | | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠤᠭ ᠪᠠᠯᠭᠠᠰᠤᠨ ᠤ ᠮᠠᠶᠢᠷᠠᠨᠰᠦ᠋ᠮ᠎ᠠ | ᠨᠠᠶᠢᠭᠡᠮ ᠲᠤᠭᠤᠷᠢᠭ ᠤᠨ ᠮᠤᠩᠭᠤᠯ ᠦᠨᠳᠦᠰᠦᠲᠡᠨ ᠤ ᠤᠯᠠᠮᠵᠢᠯᠠᠯᠳᠤ ᠭᠠᠷ ᠤᠷᠠᠯᠠᠯ ᠤᠨ ᠤᠷ᠎ᠠ ᠮᠡᠷᠭᠡᠵᠢᠯ ᠢ | ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ᠂ ᠤᠯᠠᠭᠠᠨᠲᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠨᠤᠮ ᠤᠨ | ᠤᠪᠤᠭ᠎ᠠ᠂ ᠬᠤᠰᠢᠭᠤ ᠰᠣᠶᠣᠯ ᠤᠨ ᠪᠦᠳᠦᠬᠡᠯᠳᠡ ᠠᠵᠣ ᠣᠶᠢᠯᠡᠰ ᠤᠨ ᠬᠦᠷᠢᠶᠡᠯᠡᠩ ᠢᠶᠠᠷ ᠬᠦᠷᠴᠤ᠂ ᠮᠠᠨ ᠤ | ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠬᠤ ᠪᠠ ᠰᠤᠶᠤᠯ ᠵᠢᠭᠤᠯᠴᠢᠯᠠᠯ ᠢ | ᠠᠭᠤᠰᠤᠯᠴᠠᠭᠤᠯᠤᠨ ᠬᠦᠭᠵᠢᠬᠦᠯᠬᠦ ᠠᠵᠢᠯ ᠤᠨ ᠳᠤᠬᠠᠢ ᠪᠠᠶᠢᠴᠠᠭᠠᠨ ᠰᠤᠳᠤᠯᠤᠯᠲᠠ ᠬᠢᠪᠡ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ | ᠦᠪ ᠢ ᠬᠠᠮᠠᠭᠠᠯᠠᠵᠤ ᠤᠯᠠᠮᠵᠢᠯᠠᠬᠤ ᠠᠵᠢᠯ ᠳᠤ ᠦᠨᠳᠦᠷ ᠦᠨᠡᠯᠡᠯᠲᠡ ᠦᠭᠴᠦ ᠦᠢᠷ᠎ᠠ ᠶᠢᠨ ᠵᠢᠯ ᠤᠳ ᠲᠤ ᠮᠠᠨ ᠤ | ᠬᠤᠰᠢᠭᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠬᠤ ᠠᠵᠢᠯ ᠢ ᠳᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠬᠢᠵᠦ ᠢᠯᠡᠳᠲᠡ ᠦᠷ᠎ᠡ ᠪᠦᠲᠦᠮᠵᠢ ᠤᠯᠤᠭᠰᠠᠨ ᠨᠢ ᠰᠤᠷᠤᠯᠴᠠᠭᠤᠰᠢᠲᠠᠢ ᠮᠦᠷᠲᠡᠭᠡᠨ | ᠳᠡᠯᠭᠡᠷᠡᠬᠦᠯᠦᠬᠦᠰᠢᠳᠡᠢ ᠪᠠᠶᠢᠨ᠎ᠠ᠃ ᠮᠦᠨᠴᠤ ᠦᠷᠬᠦᠯᠵᠢᠯᠡᠨ ᠰᠠᠶᠢᠲᠤᠷ ᠬᠢᠵᠦ᠂ ᠰᠤᠶᠤᠯ ᠤᠨ ᠢᠲᠡᠭᠡᠯ ᠢᠶᠠᠨ | ᠪᠠᠲᠤᠵᠢᠭᠤᠯᠤᠨ ᠰᠢᠯᠢᠳᠡᠭ ᠰᠤᠶᠤᠯ ᠢ ᠤᠯᠠᠮᠵᠢᠯᠠᠵᠤ᠂ ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠠᠵᠢᠯ ᠢ | ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠳᠦᠯᠬᠢᠨ ᠠᠬᠢᠭᠤᠯᠬᠤ ᠬᠡᠷᠡᠭᠳᠡᠢ ᠭᠡᠵᠤ ᠵᠤᠷᠢᠭᠵᠢᠭᠤᠯᠪᠠ᠃ | | | | | |