4 ᠰᠠᠷ᠎ᠠ ᠶᠢᠨ 4 ᠤ ᠡᠳᠦᠷ᠂ 2019 ᠤᠨ ᠤ ᠪᠥᠭᠦ ᠬᠤᠰᠢᠭᠤᠨ ᠤ ᠬᠤᠳᠠ ᠶᠢᠨ ᠬᠠᠮᠢᠶᠠᠷᠤᠯᠳᠠ ᠵᠢᠴᠢ | ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ | ᠬᠤᠷᠠᠯ ᠬᠤᠷᠠᠯᠳᠤᠪᠠ᠃ ᠬᠤᠰᠢᠭᠤ ᠤᠳᠤᠷᠢᠳᠤᠯᠭ᠎ᠠ ᠵᠸᠤ ᠱᠤᠸᠠᠢ ᠪᠠ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ | ᠤᠷᠤᠨ ᠰᠠᠭᠤᠴᠠ ᠪᠠ ᠬᠤᠳᠠ ᠬᠦᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠰᠢᠰᠲ᠋ᠧᠮ ᠳᠤ ᠲᠤᠮᠢᠯᠠᠵᠤ | ᠰᠠᠭᠤᠯᠭᠠᠭᠰᠠᠨ ᠰᠠᠭᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠬᠤᠰᠢᠭᠤ ᠬᠤᠳᠠ ᠶᠢᠨ | ᠬᠠᠮᠢᠶᠠᠷᠤᠯᠳᠠ ᠶᠢᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠲᠤᠪᠴᠢᠶᠠᠨ ᠤ ᠪᠥᠭᠦ ᠺᠠᠳ᠋ᠷ ᠠᠵᠢᠯᠳᠠᠨ᠂ ᠡᠯ᠎ᠠ | ᠰᠤᠮᠤ ᠪᠠᠯᠭᠠᠰᠤᠨ ᠤ ᠶᠡᠷᠤᠩᠭᠡᠶᠢᠯᠡᠭᠰᠠᠨ ᠬᠠᠤᠯᠢ ᠭᠡᠷᠡᠭᠵᠢᠭᠦᠯᠭᠦ ᠲᠤᠪᠴᠢᠶᠠᠨ ᠤ ᠬᠠᠷᠢᠭᠤᠴᠠᠯᠭᠠᠳᠠᠨ ᠬᠤᠷᠠᠯ ᠳᠤ | ᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ 2018 ᠤᠨ ᠳᠤ ᠬᠤᠰᠢᠭᠤ ᠬᠤᠳᠠ ᠶᠢᠨ ᠬᠠᠮᠢᠶᠠᠷᠤᠯᠳᠠ | ᠶᠢᠨ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠲᠤᠪᠴᠢᠶ᠎ᠠ ᠨᠢ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ | ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ | ᠵᠢᠷᠤᠮ ᠤᠨ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ︽ᠲᠥᠷᠪᠡᠨ ᠤᠬᠠᠮᠰᠠᠷ︾ ᠢ ᠪᠠᠳᠤ ᠪᠠᠭᠢ ᠪᠤᠢ | ᠪᠣᠯᠭᠠᠵᠣ ︽ᠲᠥᠷᠪᠡᠨ ᠢᠳᠡᠭᠡᠯ︾ ᠢ ᠪᠠᠳᠤᠳᠬᠠᠨ ︽ᠬᠤᠶᠠᠷ ᠢ ᠬᠠᠮᠭᠠᠯᠠᠬᠤ︾ ᠶᠢ ᠪᠠᠶᠠᠯᠠᠭᠦᠯᠵᠤ ᠶᠡᠭᠡ | ᠰᠤᠷᠤᠯᠴᠠᠯᠭ᠎ᠠ᠂ ᠶᠡᠭᠡ ᠶᠠᠷᠢᠯᠴᠠᠭᠠᠨ ᠤ ᠠᠵᠢᠯᠯᠠᠭᠠᠨ ᠥᠷᠨᠢᠭᠦᠯᠵᠤ᠂ ᠤᠯᠤᠰ ᠲᠥᠷᠥ ᠶᠢ ᠡᠷᠭᠢᠮᠯᠠᠨ ᠶᠤᠰᠤ ᠲᠥᠷᠢᠮ | ᠢ ᠴᠢᠬᠤᠯᠠᠴᠢᠯᠠᠵᠤ᠂ ᠪᠥᠭᠦ ᠲᠠᠯ᠎ᠠ ᠶᠢᠨ ᠴᠢᠳᠠᠪᠤᠷᠢ ᠵᠡᠷᠬᠡ ᠳᠠᠯ᠎ᠠ ᠪᠠᠷ ᠰᠢᠨ᠎ᠠ ᠲᠡᠭᠡᠭᠰᠢᠯᠡᠯᠳᠠ ᠲᠠᠢ ᠪᠤᠯᠤᠭᠰᠠᠨ | ᠪᠠᠶᠢᠨ᠎ᠠ᠃ ᠲᠤᠬᠠᠶᠢᠯᠠᠭᠰᠠᠨ ᠠᠵᠢᠯ ᠤᠨ ᠳᠠᠯ᠎ᠠ ᠪᠠᠷ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ | ᠢᠶᠠᠷ ᠭᠠᠷᠳᠠᠴᠠ ᠪᠤᠯᠭᠠᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠳᠡ ᠶᠢᠨ ᠠᠵᠢᠯ ᠢ ᠴᠢᠩᠭ᠎ᠠ | ᠠᠳᠬᠤᠵᠤ᠂ ᠤᠶᠤᠨᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠪᠥᠳᠥᠭᠡᠨ ᠪᠠᠶᠢᠭᠤᠯᠤᠯᠳᠠ ᠶᠢ | ᠭᠥᠨᠵᠡᠭᠡᠶᠢᠷᠠᠭᠦᠯᠤᠨ ᠬᠤᠳᠠ ᠶᠢᠨ ᠬᠠᠮᠢᠶᠠᠷᠤᠯᠳᠠ ᠶᠢᠨ ᠴᠢᠳᠠᠪᠤᠷᠢ ᠪᠠ ᠥᠢᠯᠡᠴᠢᠯᠡᠭᠡᠨ ᠤ ᠭᠢᠷᠢ ᠲᠥᠪᠰᠢᠨ ᠢ | ᠥᠷᠭᠦᠯᠵᠢᠯᠠᠨ ᠲᠡᠭᠡᠭᠰᠢᠯᠠᠭᠦᠯᠵᠤ᠂ ᠡᠯ᠎ᠠ ᠲᠥᠷᠤᠯ ᠤᠨ ᠬᠠᠷᠠᠯᠳᠠ ᠡᠭᠦᠷᠭᠡ ᠪᠠᠨ ᠰᠠᠶᠢᠨ ᠪᠠᠶᠠᠯᠠᠭᠦᠯᠵᠤ᠂ ᠪᠥᠭᠦ | ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠳᠤ ᠰᠢᠯᠢᠳᠡᠭ | ᠥᠷ᠎ᠠ ᠪᠥᠳᠥᠮᠵᠢ ᠭᠠᠷᠭᠠᠵᠤ ᠲᠤᠪᠤᠶᠢᠮ᠎ᠠ ᠬᠤᠪᠢ ᠨᠠᠮᠠᠷᠢ ᠥᠵᠡᠭᠦᠯᠥᠭᠰᠠᠨ ᠪᠠᠶᠢᠨ᠎ᠠ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠬᠤᠰᠢᠭᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠭᠢᠷᠭᠠᠨ ᠤ | ᠬᠠᠤᠯᠢ ᠭᠡᠷᠡᠭᠵᠢᠭᠦᠯᠭᠦ ᠲᠤᠪᠴᠢᠶ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯᠳᠠᠯᠭ᠎ᠠ ᠲᠠᠢ | ᠠᠵᠢᠯ ᠢ ᠴᠢᠨᠠᠷ ᠰᠠᠶᠢᠳᠠᠢ ᠪᠠᠶᠠᠯᠠᠭᠦᠯᠵᠤ᠂ ᠠᠵᠢᠯ ᠤᠨ ᠤᠨᠤᠯᠵᠢᠭᠤᠨ ᠢᠶᠠᠨ ᠬᠤᠪᠢᠷᠠᠭᠤᠯᠤᠨ ᠤᠷᠴᠢᠨ ᠲᠤᠭᠤᠷᠢᠨ ᠢ | ᠴᠡᠭᠴᠡᠯᠠᠨ ᠵᠠᠰᠠᠬᠤ ᠶᠢ ᠴᠢᠩᠭ᠎ᠠ ᠠᠳᠬᠤᠵᠤ᠂ ᠬᠠᠮᠢᠶᠠᠷᠤᠯᠳᠠ ᠶᠢᠨ ᠭᠢᠷᠢ ᠲᠥᠪᠰᠢᠨ ᠢ ᠲᠡᠭᠡᠭᠰᠢᠯᠠᠭᠦᠯᠤᠨ ᠡᠩᠨᠡᠭᠡᠨ | ᠤ ᠪᠠᠶᠢᠭᠤᠯᠤᠯᠳᠠ ᠶᠢ ᠴᠢᠩᠭᠠᠳᠬᠠᠵᠤ᠂ ᠨᠡᠩ ᠪᠤᠳᠠᠳᠠᠢ ᠠᠷᠭ᠎ᠠ ᠪᠠᠷᠢᠯ᠂ ᠨᠡᠩ ᠶᠡᠭᠡ ᠡᠭᠦᠷᠭᠡᠯᠠᠯ ᠢᠶᠠᠷ ᠪᠥᠭᠦ | ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠠᠵᠢᠯ ᠥᠢᠯᠡᠰ ᠢ ᠠᠭᠢᠭᠤᠯᠤᠨ ᠰᠢᠨ᠎ᠠ ᠥᠷ᠎ᠠ ᠪᠥᠳᠥᠮᠵᠢ ᠶᠢ | ᠡᠭᠦᠳᠥᠭᠰᠠᠨ ᠪᠠᠶᠢᠨ᠎ᠠ ᠭᠡᠵᠡᠢ᠃ | ᠬᠤᠷᠠᠯ ᠲᠡᠭᠡᠷ᠎ᠡ᠂ 2018 ᠤᠨ ᠤ ᠬᠠᠷᠠᠯᠳᠠᠳᠤ ᠭᠢᠨᠠᠨ ᠰᠢᠯᠭᠠᠯᠳᠠ ᠶᠢᠨ ᠰᠢᠯᠢᠳᠡᠭ ᠪᠠᠶᠢᠭᠤᠯᠭ᠎ᠠ ᠨᠢᠬᠡᠴᠢ ᠪᠠ | ᠬᠤᠪᠢ ᠭᠥᠮᠤᠨ ᠢ ᠱᠠᠩᠨᠠᠨ ᠭᠥᠭᠢᠭᠦᠯᠪᠡ᠃ ᠬᠤᠰᠢᠭᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠭᠢᠷᠭᠠᠨ ᠤ | ᠬᠠᠤᠯᠢ ᠭᠡᠷᠡᠭᠵᠢᠭᠦᠯᠭᠦ ᠲᠤᠪᠴᠢᠶᠠᠨ ᠤ ᠬᠠᠷᠢᠭᠤᠴᠯᠠᠭᠠᠳᠠᠨ ᠲᠠᠢ 2019 ᠤᠨ ᠤ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠪᠠ ᠠᠵᠢᠯ ᠤᠨ ᠬᠠᠷᠠᠯᠳᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ | ᠵᠢᠷᠤᠭᠰᠠᠨ ᠪᠠᠶᠢᠨ᠎ᠠ᠃ |