ᠰᠦᠯᠳᠡ ᠰᠤᠮᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-05-10
     ᠤᠶᠢᠷ᠎ᠠ ᠶᠢᠨ ᠡᠳᠦᠷ᠂ ᠰᠦᠯᠳᠡ ᠰᠤᠮᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠰᠠᠨ ᠪᠠᠶᠢᠨ᠎ᠠ᠃      ᠬᠤᠷᠠᠯ ᠠᠴᠠ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠪᠠ ︽ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ︾ ᠶᠢ ᠰᠤᠨᠤᠰᠬᠤ ᠶᠢᠨ ᠬᠠᠮᠲᠤ ᠬᠢᠨᠠᠨ ᠪᠠᠲᠤᠯᠠᠵᠤ ︽ᠰᠦᠯᠳᠡ ᠰᠤᠮᠤᠨ ᠤ 2018 ᠤᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠭᠦᠯᠦᠭᠰᠡᠨ ᠪᠠᠶᠢᠳᠠᠯ᠂ 2019 ᠤᠨ ᠤ ᠡᠳ᠋ ᠤᠨ ᠵᠠᠰᠠᠭ ᠤᠨ ᠲᠦᠰᠦᠪ ᠤᠨ ᠮᠡᠳᠡᠭᠦᠯᠦᠯᠲᠡ︾ ᠶᠢ ᠪᠢᠴᠢᠭ ᠤᠨ ᠬᠡᠯᠪᠡᠷᠢ ᠪᠠᠷ ᠬᠢᠨᠠᠨ ᠵᠦᠪᠯᠡᠬᠦ ᠶᠢᠨ ᠬᠠᠮᠲᠤ ᠪᠠᠳᠤᠯᠠᠭᠰᠠᠨ ᠪᠠᠶᠢᠨ᠎ᠠ᠃      ᠬᠤᠷᠠᠯ ᠠᠴᠠ᠂ 2019 ᠤᠨ ᠳᠤ ᠰᠦᠯᠳᠡ ᠰᠤᠮᠤ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠠᠨ ᠪᠤᠯᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠵᠦ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠬᠤ ᠪᠠ ᠲᠡᠭᠦᠯᠳᠡᠷᠵᠢᠬᠦᠯᠬᠦ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠦᠪᠦᠷ ᠮᠤᠩᠭᠤᠯ ᠳᠠᠬᠢ ᠴᠢᠬᠤᠯᠠ ᠵᠢᠭᠠᠪᠤᠷᠢ᠂ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠰᠦᠯᠳᠡ ᠰᠤᠮᠤᠨ ᠤ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠰᠤᠮᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠲᠤᠭᠲᠠᠭᠠᠭᠰᠠᠨ ᠡᠯ᠎ᠡ ᠲᠦᠷᠦᠯ ᠤᠨ ᠬᠠᠷᠠᠯᠲᠠ᠂ ᠡᠭᠦᠷᠭᠡ ᠶᠢᠨ ᠲᠤᠭᠤᠷᠢᠨ   ᠳᠤ ᠦᠨᠳᠦᠰᠦᠨ ᠬᠠᠥᠯᠢ ᠬᠢᠭᠡᠳ ᠬᠠᠥᠯᠢ ᠴᠠᠭᠠᠵᠠ ᠶᠢᠨ ᠤᠯᠭᠤᠭᠰᠠᠨ ᠡᠯ᠎ᠡ ᠲᠦᠷᠦᠯ ᠤᠨ ᠡᠷᠬᠡ ᠡᠭᠦᠷᠭᠡ ᠪᠠᠨ ᠬᠢᠨᠠᠮᠠᠭᠠᠢ ᠬᠡᠷᠡᠭᠵᠢᠭᠦᠯᠵᠦ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ ᠠᠵᠠ ᠲᠤᠬᠢᠶᠠᠯ  ᠢ ᠠᠳᠬᠤᠵᠦ ᠢᠲᠡᠭᠡᠯ ᠵᠤᠷᠢᠭ ᠢᠶᠠᠨ ᠪᠠᠲᠤᠳᠬᠠᠨ ᠤᠷᠤᠭᠰᠢᠯᠠᠨ ᠲᠠᠪᠰᠢᠵᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠨ ᠬᠢᠵᠦ   ᠰᠦᠯᠳᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ ᠴᠢᠨᠠᠷ ᠰᠠᠶᠢᠳᠠᠢ ᠬᠦᠭᠵᠢᠯᠲᠡ ᠶᠢ ᠠᠭᠢᠭᠤᠯᠵᠦ ᠨᠤᠮᠢᠨ ᠲᠠᠩᠰᠤᠭ ᠭᠥᠭᠵᠢᠨ ᠮᠠᠨᠳᠤᠯᠲᠠ ᠶᠢ ᠪᠡᠶᠡᠯᠡᠬᠦᠯᠣᠨ ᠰᠢᠯᠢᠳᠡᠭ ᠬᠢᠷᠢ ᠪᠦᠲᠦᠮᠵᠢ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠬᠡᠵᠦ ᠱᠠᠭᠠᠷᠳᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号