5 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ︽ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ | ᠠᠵᠢᠯᠯᠠᠭᠠᠨ ᠤ ᠭᠠᠷᠠᠭ︾ ᠵᠢᠴᠢ ᠦᠦᠰᠢᠨ ᠬᠤᠰᠢᠭᠤᠨ ᠤ ︽ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ | ᠠᠵᠢᠯᠯᠠᠭᠠᠨ ᠤ ᠭᠠᠷᠠᠭ︾ ᠤᠨ ᠡᠬᠢᠯᠡᠬᠦ ᠶᠣᠰᠣᠯᠠᠯ ᠮᠠᠨ ᠤ ᠬᠤᠰᠢᠭᠤᠨ ᠳᠤ ᠶᠠᠪᠤᠭᠳᠠᠭᠰᠠᠨ ᠪᠠᠶᠢᠨ᠎ᠠ᠃ ᠬᠤᠰᠢᠭᠤ | ᠳᠡᠳ᠋ ᠳᠠᠷᠤᠭ᠎ᠠ ᠪᠠᠶᠠᠨᠴᠢᠮᠡᠭ ᠡᠬᠢᠯᠡᠯᠲᠡ ᠶᠢᠨ ᠶᠤᠰᠤᠯᠠᠯ ᠳᠤ ᠤᠷᠤᠯᠴᠠᠬᠤ ᠶᠢᠨ ᠬᠠᠮᠲᠤ ᠠᠵᠢᠯᠯᠠᠭ᠎ᠠ ᠡᠬᠢᠯᠡᠭᠰᠡᠨ ᠳᠤ | ᠪᠠᠶᠠᠷ ᠬᠦᠷᠭᠡᠪᠡ᠃ ᠣᠷᠳᠣᠰ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ᠂ ᠪᠥᠬᠦ | ᠬᠤᠲᠠ ᠶᠢᠨ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠬᠤᠰᠢᠭᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠡᠯ᠎ᠡ ᠬᠠᠷᠢᠯᠴᠠᠬᠤ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠲᠥᠯᠥᠭᠡᠯᠡᠭᠴᠢ᠂ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠪᠥᠬᠦ ᠪᠠᠭᠰᠢ ᠰᠤᠷᠤᠭᠴᠢ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ 3D | ᠳᠠᠷᠤᠮᠠᠯᠯᠠᠭᠰᠠᠨ ᠦᠷ᠎ᠡ ᠪᠦᠲᠦᠭᠡᠯ᠂ ᠮᠣᠩᠭᠤᠯ ᠬᠤᠪᠴᠠᠰᠤ ᠬᠤᠨᠠᠷ᠂ ᠠᠷᠠᠰᠤᠨ ᠰᠡᠶᠢᠯᠦᠮᠡᠯ᠂ ᠮᠡᠳᠡᠭᠡ ᠵᠠᠩᠭᠢ ᠶᠢᠨ | ᠦᠢᠯᠡᠴᠢᠯᠡᠭᠡ᠂ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠵᠡᠷᠭᠡ ᠲᠠᠯ᠎ᠠ ᠶᠢᠨ ᠦᠷ᠎ᠡ ᠪᠦᠲᠦᠭᠡᠯ ᠤᠳ ᠢ ᠳᠡᠯᠭᠡᠨ | ᠦᠵᠡᠭᠦᠯᠵᠦ ᠵᠠᠭᠤ ᠰᠢᠬᠠᠮ ᠰᠤᠷᠤᠭᠴᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠲᠣᠭᠯᠠᠯᠲᠠ ᠭᠠᠷᠭᠠᠨ | ᠣᠯᠠᠨ ᠳᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠷᠢᠳᠢ ᠰᠢᠳᠢ ᠶᠢ ᠮᠡᠳᠡᠷᠡᠭᠦᠯᠦᠭᠰᠡᠨ | ᠪᠠᠶᠢᠨ᠎ᠠ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠲᠤᠰᠬᠠᠶ ᠮᠡᠷᠭᠡᠵᠢᠯᠲᠡᠨ ︽ᠤᠯᠤᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠪᠠ ︽ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠬᠤ ᠠᠷᠭ᠎ᠠ︾ | ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠭᠰᠡᠨ ᠪᠥᠭᠡᠳ ︽ᠣᠷᠳᠣᠰ ᠬᠤᠲᠠ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠬᠦᠯᠦᠯᠲᠡ ᠶᠢᠨ ᠬᠡᠷᠡᠭᠵᠢᠭᠦᠯᠬᠦ ᠲᠥᠰᠦᠯ︾᠂ ︽ | ᠣᠷᠳᠣᠰ ᠬᠤᠲᠠ ᠶᠢᠨ ᠠᠵᠦ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠭᠦᠨᠵᠡᠭᠡᠶᠢᠷᠡᠭᠦᠯᠬᠦ | ᠲᠤᠷᠰᠢᠯᠲᠠ ᠶᠢᠨ ᠴᠡᠭ ᠤᠨ ᠲᠥᠰᠦᠯ︾ ︵ᠰᠠᠨᠠᠯ ᠬᠤᠷᠢᠶᠠᠬᠤ ᠨᠣᠣᠷᠠᠭ︶ ᠤᠨ ᠲᠤᠬᠠᠢ ᠰᠠᠭᠤᠳᠠᠯ ᠤᠨ ᠬᠤᠷᠠᠯ | ᠬᠤᠷᠠᠯᠳᠤᠭᠤᠯᠪᠠ᠃ ᠬᠤᠷᠠᠯ ᠳᠡᠭᠡᠷ᠎ᠡ ᠬᠤᠲᠠ᠂ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠷᠠᠯ ᠳᠤ ᠣᠷᠣᠯᠴᠠᠭᠰᠠᠳ | ᠲᠥᠰᠦᠯ ᠤᠨ ᠨᠠᠷᠢᠯᠢᠭ ᠠᠰᠠᠭᠤᠳᠠᠯ ᠪᠣᠯᠣᠨ ᠥᠭᠡᠷᠡᠴᠢᠯᠡᠯᠲᠡ ᠶᠢᠨ ᠪᠣᠳᠠᠲᠠᠶ ᠠᠭᠤᠯᠭ᠎ᠠ ᠶᠢᠨ ᠲᠤᠬᠠᠢ ᠶᠠᠷᠢᠯᠴᠠᠨ | ᠵᠠᠰᠠᠪᠤᠷᠢ ᠣᠷᠣᠭᠤᠯᠤᠭᠰᠠᠨ ᠪᠠᠶᠢᠨ᠎ᠠ᠃ | ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ | ᠴᠡᠷᠢᠭᠵᠢᠭᠰᠡᠨ ᠬᠠᠮᠢᠶᠠᠷᠤᠯᠲᠠ᠂ ᠬᠢᠴᠢᠶᠡᠯ ᠤᠨ ᠭᠠᠳᠠᠨᠠᠬᠢ ᠣᠨᠴᠠᠯᠢᠭᠲᠤ ᠠᠵᠢᠯᠯᠠᠭ᠎ᠠ ᠶᠢ ᠲᠣᠭᠤᠷᠢᠨ ᠦᠵᠡᠵᠦ | ᠲᠤᠷᠰᠢᠯᠭ᠎ᠠ ᠪᠠᠨ ᠰᠣᠯᠢᠯᠴᠠᠪᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠨᠢᠭᠡ ᠭᠠᠷᠠᠭ ᠤᠨ | ᠬᠤᠭᠤᠴᠠᠭ᠎ᠠ ᠲᠠᠢ ᠶᠠᠪᠤᠭᠳᠠᠵᠤ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠡᠯ᠎ᠡ ᠠᠭᠤᠳᠠᠮ | ᠲᠠᠯᠠᠪᠠᠢ ᠪᠠᠷ ᠭᠦᠷᠴᠤ ᠦᠦᠰᠢᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ | ᠡᠷᠬᠢᠯᠡᠬᠦ ᠣᠨᠴᠠᠯᠢᠭ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠶᠢᠨ | ᠬᠦᠷᠢᠶᠡᠨ ᠤ ᠰᠣᠶᠣᠯ ᠪᠠ ᠰᠤᠷᠭᠠᠭᠤᠯᠢ ᠡᠷᠬᠢᠯᠡᠭᠰᠡᠨ ᠠᠮᠵᠢᠯᠲᠠ ᠵᠡᠷᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ | ᠪᠠᠷ ᠪᠠᠶᠢᠨ᠎ᠠ᠃ |