2019 ᠤᠨ ᠤ ᠪᠥᠭᠦ ᠬᠤᠰᠢᠭᠤᠨ ᠤ ᠮᠠᠯ ᠲᠠᠷᠢᠶᠠᠯᠠᠩ ᠤᠨ ᠠᠵᠢᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-05-10
     5 ᠰᠠᠷ᠎ᠠ ᠶᠢᠨ 7 ᠤ ᠡᠳᠦᠷ 2019 ᠤᠨ ᠤ ᠪᠥᠭᠦ ᠬᠤᠰᠢᠭᠤᠨ ᠤ ᠮᠠᠯ ᠲᠠᠷᠢᠶᠠᠯᠠᠩ ᠤᠨ ᠠᠵᠢᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠲᠡᠳ᠋ ᠲᠠᠷᠤᠭ᠎ᠠ ᠪᠠᠶᠠᠠᠴᠠᠩᠭᠡᠯ ᠪᠤᠯᠤᠨ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ᠂ ᠡᠯ᠎ᠠ ᠰᠤᠮᠤ  ᠪᠠᠯᠭᠠᠰᠤᠨ ᠤ ᠬᠠᠷᠢᠭᠤᠴᠠᠯᠭᠠᠳᠠᠨ ᠵᠢᠴᠢ ᠮᠠᠯ ᠲᠠᠷᠢᠶᠠᠯᠠᠩ ᠤᠨ ᠰᠢᠰᠲ᠋ᠧᠮ ᠤᠨ ᠪᠥᠭᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠬᠤᠰᠢᠭᠤ ᠲᠠᠷᠢᠶᠠᠯᠠᠩ ᠮᠠᠯ ᠠᠬᠤ ᠠᠬᠤᠢ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠪᠤᠯᠤᠨ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠳᠤ ᠲᠤᠮᠢᠯᠠᠭᠰᠠᠨ ᠰᠠᠭᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠠᠴᠠ ᠠᠵᠢᠯ ᠤᠨ ᠬᠠᠷᠢᠭᠤ ᠮᠡᠳᠡᠭᠦᠯᠥᠯᠳᠠ ᠭᠢᠪᠠ᠃ ᠬᠤᠷᠠᠯ ᠲᠡᠭᠡᠷ᠎ᠡ᠂ 2018 ᠤᠨ ᠤ ᠮᠠᠯ ᠲᠠᠷᠢᠶᠠᠯᠠᠩ ᠤᠨ ᠰᠢᠰᠲ᠋ᠧᠮ ᠤᠨ ᠭᠢᠨᠠᠨ ᠰᠢᠯᠭᠠᠯᠳᠠ ᠶᠢᠨ ᠪᠤᠳᠠᠳᠤ ᠥᠷ᠎ᠠ ᠪᠥᠳᠥᠮᠵᠢ ᠶᠢᠨ ᠲᠤᠪᠤᠶᠢᠮ᠎ᠠ ᠨᠢᠭᠡᠴᠢ᠂ ᠨᠢᠭᠡᠳᠤᠭᠡᠷ ᠹᠷᠤᠨᠲ ᠲᠤ ᠭᠥᠨᠵᠡᠭᠡᠶᠢᠷᠡᠭᠰᠠᠨ ᠰᠢᠨᠵᠢᠯᠡᠭᠡ ᠮᠡᠷᠭᠡᠵᠢᠯ ᠤᠨ ᠥᠢᠯᠡᠴᠢᠯᠡᠭᠡᠨ ᠤ ᠲᠤᠪᠤᠶᠢᠮ᠎ᠠ ᠬᠤᠪᠢ ᠨᠠᠮᠠᠷᠢ ᠥᠵᠡᠭᠦᠯᠥᠭᠴᠢ᠂ ᠲᠠᠷᠢᠭᠦᠨ ᠤ ᠠᠵᠢᠯᠳᠠᠨ᠂ ᠰᠢᠯᠢᠳᠡᠭ ᠡᠪ ᠬᠠᠮᠳᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ ᠪᠠ ︽3.8︾ ᠤ ᠤᠯᠠᠭᠠᠨ ᠲᠤᠭᠴᠢ ᠶᠢ ᠲᠤᠰ ᠲᠤᠰ ᠱᠠᠩᠨᠠᠨ ᠭᠥᠭᠢᠭᠦᠯᠥᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠤᠳᠤᠬᠠᠨ ᠪᠠ ᠲᠠᠷᠠᠭᠠᠴᠢ ᠶᠢᠨ ᠨᠢᠭᠡ ᠬᠤᠭᠤᠴᠠᠭᠠᠨ ᠳᠤ ᠭᠥᠴᠤᠨ ᠢᠶᠠᠨ ᠲᠥᠪᠯᠡᠷᠡᠭᠦᠯᠤᠨ ᠨᠢᠭᠡᠳᠤᠯᠳᠠᠢ ᠲᠥᠯᠥᠪᠵᠢᠭᠦᠯᠤᠨ ᠲᠤᠭᠢᠷᠠᠭᠤᠯᠵᠤ ᠬᠠᠪᠤᠷ ᠤᠨ ᠲᠠᠷᠢᠶᠠᠯᠠᠭ᠎ᠠ᠂  ᠲᠥᠯ ᠲᠤᠰᠴᠤ ᠪᠤᠶᠢᠵᠢᠭᠤᠯᠬᠤ᠂ ᠬᠠᠪᠤᠷ ᠤᠨ ᠤᠯᠠᠷᠢᠯ ᠤᠨ ᠬᠢᠵᠢᠭ ᠰᠡᠷᠬᠡᠶᠢᠯᠡᠭᠡ ᠶᠢᠨ ᠠᠵᠢᠯ ᠢ ᠰᠠᠶᠢᠨ ᠭᠢᠵᠤ᠂  ᠲᠠᠷᠢᠶᠠᠯᠠᠩ ᠤᠨ ᠡᠳ᠋ ᠪᠠᠷᠠᠭᠠᠨ ᠤ ᠵᠠᠬ᠎ᠠ ᠲᠡᠯᠭᠡᠭᠦᠷ ᠤᠨ ᠭᠢᠨᠠᠨ ᠬᠠᠮᠢᠶᠠᠷᠤᠯᠳᠠ᠂ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠥᠳᠥᠭᠡᠭᠳᠡᠭᠦᠨ ᠤ ᠴᠢᠨᠠᠷ ᠴᠢᠨᠰᠠᠭᠠᠨ ᠤ ᠠᠶᠤᠯᠭᠦᠢ ᠶᠢᠨ ᠬᠠᠮᠢᠶᠠᠷᠤᠯᠳᠠ ᠶᠢ ᠴᠢᠩᠭᠠᠳᠬᠠᠨ ᠤᠯᠤᠰ ᠤᠨ ᠲᠠᠰ ᠤᠨ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠥᠳᠥᠭᠡᠭᠳᠡᠭᠦᠨ ᠤ ᠴᠢᠨᠠᠷ ᠴᠢᠨᠰᠠᠭᠠᠨ ᠤ ᠠᠶᠤᠯᠭᠦᠢ ᠶᠢᠨ ᠭᠢᠨᠠᠨ ᠬᠠᠮᠢᠶᠠᠷᠤᠯᠳᠠ ᠶᠢᠨ ᠲᠠᠭᠤᠷᠢᠶᠠᠯ ᠬᠤᠰᠢᠭᠤ ᠰᠢᠶᠠᠨ ᠤ ᠪᠠᠶᠢᠭᠤᠯᠤᠯᠳᠠ ᠶᠢ ᠥᠷᠭᠦᠯᠵᠢᠯᠠᠨ ᠴᠢᠩᠭᠠᠳᠬᠠᠵᠤ  ᠤᠳᠤᠬᠠᠨ ᠤ ᠠᠵᠢᠯ ᠢ ᠰᠠᠶᠢᠨ ᠭᠢᠭᠦ ᠭᠡᠷᠡᠭᠳᠠᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠳᠤᠯᠳᠠᠢ ᠪᠠᠶᠢᠷᠢᠯᠠᠭᠤᠯᠤᠯᠳᠠ ᠪᠠᠷ ᠡᠷᠳᠠ ᠠᠴᠠ ᠪᠡᠯᠡᠳᠭᠡᠨ ᠪᠥᠭᠦ ᠵᠢᠯ ᠤᠨ ᠠᠵᠢᠯ ᠤᠨ ᠰᠠᠭᠤᠷᠢ ᠶᠢ ᠰᠠᠶᠢᠨ ᠲᠠᠯᠪᠢᠵᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠭᠥᠴᠤᠨ ᠢᠶᠠᠷ ᠭᠡᠷᠡᠭᠵᠢᠭᠦᠯᠤᠨ ᠠᠵᠤ ᠥᠢᠯᠠᠰ ᠤᠨ ᠬᠡᠯᠬᠢᠶᠡᠵᠢᠯ ᠢ ᠤᠷᠳᠤᠳᠬᠠᠬᠤ ᠭᠡᠷᠡᠭᠳᠠᠢ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠤᠨ ᠤᠰᠤ ᠠᠷᠪᠢᠯᠠᠨ ᠤᠰᠤᠯᠠᠯᠳᠠ ᠭᠢᠭᠦ᠂  ᠲᠦᠭᠦᠭᠡᠷᠦᠮᠵᠢᠲᠦ ᠲᠠᠷᠢᠶᠠᠯᠠᠩ᠂ ᠥᠨᠳᠤᠷ ᠪᠠᠷᠢᠮᠵᠢᠶᠠᠳᠤ ᠲᠠᠷᠢᠶᠠᠯᠠᠩ ᠵᠠᠷᠭᠡ ᠶᠢᠨ ᠠᠵᠢᠯ ᠢ ᠰᠠᠶᠢᠨ ᠭᠢᠵᠤ  ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠳᠠ ᠶᠢᠨ ᠭᠢᠷᠢ ᠲᠥᠪᠰᠢᠨ ᠢ ᠲᠡᠭᠡᠭᠰᠢᠯᠠᠭᠦᠯᠤᠨ ᠲᠠᠷᠢᠶᠠᠯᠠᠩ ᠤᠨ ᠶᠡᠷᠤᠩᠭᠡᠶᠢᠯᠡᠭᠰᠠᠨ ᠨᠡᠭᠡᠭᠡᠯᠳᠠ ᠶᠢᠨ ᠲᠥᠷᠤᠯ ᠵᠥᠢᠯ ᠢ ᠠᠭᠢᠭᠤᠯᠵᠤ ᠡᠯ᠎ᠠ ᠲᠦᠷᠦᠯ ᠤᠨ ᠠᠵᠢᠯ ᠤᠨ ᠤᠷᠤᠭᠰᠢᠳᠠᠢ ᠠᠭᠢᠬᠤ ᠶᠢ ᠪᠠᠳᠤᠯᠠᠬᠤ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠬᠤ ᠳᠤ ᠪᠠᠨ᠂ ᠪᠥᠭᠦ ᠬᠤᠰᠢᠭᠤ ᠪᠠᠷ ᠢᠶᠠᠨ ᠲᠤᠰ ᠤᠳᠠᠭᠠᠨ ᠤ ᠬᠤᠷᠠᠯ ᠢᠶᠠᠷ  ᠡᠭᠢᠯᠠᠯᠳᠠ ᠪᠤᠯᠭᠠᠨ 2019 ᠤᠨ ᠤ ᠲᠥᠪ ᠤᠨ ᠨᠢᠭᠡᠳᠤᠭᠡᠷ ᠲᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠤᠯᠤᠨ ᠥᠪᠡᠷᠳᠡᠭᠡᠨ ᠵᠠᠰᠠᠬᠤ ᠤᠷᠤᠨ᠂ ᠬᠤᠳᠠ ᠬᠤᠰᠢᠭᠤ ᠬᠤᠶᠠᠷ ᠱᠠᠳᠤᠨ ᠤ ᠠᠵᠤ ᠠᠬᠤᠢ ᠶᠢᠨ ᠠᠵᠢᠯ ᠤᠨ ᠰᠠᠳᠭᠢᠴᠠ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠲᠤᠭᠤᠰᠢᠯᠠᠭᠤᠯᠵᠤ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠥᠳᠥᠴᠠ ᠶᠢᠨ ᠴᠢᠨᠠᠷᠳᠠᠢ ᠦᠭᠡᠷᠡᠴᠢᠯᠡᠯᠲᠡ ᠶᠢ ᠪᠥᠭᠦ ᠲᠠᠯ᠎ᠠ ᠪᠠᠷ ᠠᠭᠢᠭᠤᠯᠵᠤ ᠰᠢᠨ᠎ᠠ ᠪᠠᠶᠢᠳᠠᠯ ᠢ ᠡᠵᠡᠮᠳᠠᠨ   ᠰᠢᠨ᠎ᠠ ᠥᠵᠠᠯ ᠰᠠᠨᠠᠭ᠎ᠠ ᠶᠢ ᠲᠤᠭᠤᠰᠢᠯᠠᠭᠤᠯᠤᠨ ᠰᠢᠨ᠎ᠠ ᠲᠠᠪᠠᠭᠤᠯᠢᠭ ᠢ ᠲᠠᠭᠢᠨ ᠡᠭᠦᠳᠴᠤ ᠪᠥᠭᠦ ᠬᠤᠰᠢᠭᠤᠨ ᠤ  ᠮᠠᠯ ᠲᠠᠷᠢᠶᠠᠯᠠᠩ ᠤᠨ ᠠᠵᠢᠯ  ᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号