ᠤᠢᠢᠷ᠎ᠠ ᠶᠢᠨ ᠡᠳᠤᠷ᠂ ᠬᠤᠰᠢᠭᠤ ᠨᠠᠮ ᠤᠨ ᠬᠤᠷᠢᠶᠠᠨ ᠤ ᠨᠢᠬᠡᠳᠤᠮᠠᠯ ᠹᠷᠤᠨᠲ ᠤᠨ ᠬᠡᠯᠳᠡᠰ ᠤᠨ ᠬᠢᠨᠬᠠᠷᠠ | ᠪᠥᠯᠥᠭᠳᠡᠨ ᠬᠠᠷᠬᠢᠰ ᠬᠥᠴᠥᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠬᠦᠯᠵᠥ᠂ ︽ᠪᠥᠬᠦ ᠠᠷᠠᠳ ᠢᠶᠠᠷ ᠢᠶᠠᠨ ᠢᠳᠡᠪᠬᠢᠯᠡᠨ ᠤᠷᠤᠯᠴᠠᠭᠰᠠᠨ︾ ᠬᠠᠷ᠎ᠠ ᠪᠥᠯᠥᠭᠳᠡᠨ ᠬᠠᠷᠬᠢᠰ ᠬᠥᠴᠥᠨ ᠢ | ᠠᠷᠢᠯᠭᠠᠬᠤ ᠠᠵᠢᠯ ᠤᠨ ᠠᠭᠤᠷ ᠠᠮᠢᠰᠬᠤᠯ ᠢ ᠪᠤᠢ ᠪᠤᠯᠭᠠᠵᠠᠢ᠃ | ᠬᠠᠷ᠎ᠠ ᠪᠥᠯᠥᠭᠳᠡᠨ ᠬᠠᠷᠬᠢᠰ ᠬᠥᠴᠥᠨ ᠢ ᠠᠷᠢᠯᠭᠠᠬᠤ ᠲᠡᠮᠡᠴᠡᠯ ᠤᠨ ᠠᠵᠢᠯᠯᠠᠭ᠎ᠠ ᠶᠢᠨ ᠲᠤᠭᠤᠷᠢᠨ ᠳᠤ᠂ ᠤᠯᠠᠨ | ᠲᠥᠮᠡᠨ ᠳᠤ ︽ᠬᠠᠷ᠎ᠠ ᠪᠥᠯᠥᠭᠳᠡᠨ ᠬᠠᠷᠬᠢᠰ ᠬᠥᠴᠥᠨ ᠢ ᠠᠷᠢᠯᠭᠠᠬᠤ ᠲᠡᠮᠡᠴᠡᠯ︾ ᠤᠨ ᠭᠤᠤᠯᠳᠠᠯᠭ᠎ᠠ ᠲᠠᠢ ᠴᠤᠬᠢᠯᠳᠡ | ᠥᠭᠬᠦ ᠡᠳᠡᠬᠡᠳ᠂ ᠬᠠᠷ᠎ᠠ ᠪᠥᠯᠥᠭᠳᠡᠨ ᠬᠠᠷᠬᠢᠰ ᠬᠥᠴᠥᠨ ᠢ ᠠᠷᠢᠯᠭᠠᠬᠤ ᠲᠡᠮᠡᠴᠡᠯ ᠤᠨ ᠬᠠᠤᠯᠢ ᠴᠠᠭᠠᠵᠠ ᠶᠢᠨ ᠪᠠᠶᠢᠷᠢ | ᠲᠤᠭᠳᠠᠭᠠᠯᠳᠡ᠂ ᠵᠠᠷᠭᠤ ᠵᠠᠭᠠᠯᠳᠤᠯᠭ᠎ᠠ ᠶᠢᠨ ᠵᠠᠮ ᠮᠥᠷ ᠵᠡᠷᠬᠡ ᠶᠢ ᠤᠬᠠᠭᠤᠯᠵᠥ᠂ ᠤᠯᠠᠨ ᠲᠥᠮᠡᠨ ᠳᠤ ᠬᠠᠷ᠎ᠠ | ᠪᠥᠯᠥᠭᠳᠡᠨ ᠬᠠᠷᠬᠢᠰ ᠬᠥᠴᠥᠨ ᠤ ᠠᠶᠤᠯᠳᠤ ᠴᠢᠨᠠᠷ ᠢ ᠬᠥᠨᠵᠡᠬᠡᠢ ᠤᠢᠢᠯᠠᠭᠠᠭᠤᠯᠤᠨ᠂ ᠤᠯᠠᠨ ᠲᠥᠮᠡᠨ ᠢ ᠬᠠᠷ᠎ᠠ | ᠪᠥᠯᠥᠭᠳᠡᠨ ᠬᠠᠷᠬᠢᠰ ᠬᠥᠴᠥᠨ ᠤ ᠠᠵᠢᠯᠯᠠᠭ᠎ᠠ ᠳᠤ ᠤᠷᠤᠯᠴᠠᠬᠤ ᠥᠬᠡᠢ ᠪᠠᠶᠢᠬᠤ ᠶᠢ ᠤᠷᠢᠶᠠᠯᠠᠵᠤ᠂ ᠡᠯ᠎ᠡ | ᠲᠥᠷᠥᠯ ᠤᠨ ᠬᠠᠷ᠎ᠠ ᠪᠥᠯᠥᠭᠳᠡᠨ ᠬᠠᠷᠬᠢᠰ ᠬᠥᠴᠥᠨ ᠤ ᠬᠠᠤᠯᠢ ᠶᠢ ᠵᠥᠷᠢᠴᠡᠭᠰᠡᠨ ᠶᠠᠯᠠᠳᠤ ᠠᠵᠢᠯᠯᠠᠭ᠎ᠠ ᠶᠢ | ᠢᠳᠡᠪᠬᠢᠳᠠᠢ ᠢᠯᠡᠴᠢᠯᠡᠨ ᠮᠡᠳᠡᠬᠦᠯᠭᠦ ᠶᠢ ᠵᠤᠷᠢᠭᠵᠢᠭᠤᠯᠵᠠᠢ᠃ | ᠲᠤᠰ ᠤᠳᠠᠭᠠᠨ ᠤ ᠠᠵᠢᠯᠯᠠᠭ᠎ᠠ ᠳᠤ ᠪᠠᠰᠠ ᠤᠯᠠᠨ ᠲᠥᠮᠡᠨ ᠳᠤ ᠤᠯᠤᠰ ᠤᠨ ᠠᠮᠤᠷ ᠲᠥᠪᠰᠢᠨ ᠢ | ᠬᠠᠮᠠᠭᠠᠯᠠᠬᠤ᠂ ᠬᠥᠴᠥᠷᠬᠡᠭᠵᠢᠯ ᠢ ᠡᠰᠡᠷᠬᠦᠴᠡᠬᠦ᠂ ᠭᠠᠵᠢᠭᠤ ᠨᠤᠮᠯᠠᠯ ᠢ ᠡᠰᠡᠷᠬᠦᠴᠡᠬᠦ ᠵᠡᠷᠬᠡ ᠶᠢᠨ ᠴᠢᠬᠤᠯᠠ ᠴᠢᠨᠠᠷ ᠢ | ᠤᠯᠠᠮᠵᠢᠯᠠᠵᠥ᠂ ᠤᠯᠠᠨ ᠲᠥᠮᠡᠨ ᠳᠤ ᠭᠠᠵᠢᠭᠤ ᠨᠤᠮᠯᠠᠯ ᠢ ᠤᠬᠠᠮᠰᠠᠷ ᠠᠴᠠ ᠪᠠᠨ ᠡᠰᠡᠷᠬᠦᠴᠡᠵᠥ᠂ ᠤᠯᠤᠰ ᠤᠨ ᠠᠮᠤᠷ | ᠲᠥᠪᠰᠢᠨ ᠢ ᠬᠠᠤᠯᠢ ᠶᠤᠰᠤᠭᠠᠷ ᠬᠠᠮᠠᠭᠠᠯᠠᠬᠤ ᠶᠢ ᠵᠢᠯᠤᠭᠤᠳᠤᠭᠰᠠᠨ ᠪᠠᠶᠢᠨ᠎ᠠ᠃ |