ᠤᠢᠢᠷ᠎ᠠ ᠶᠢᠨ ᠡᠳᠦᠷ᠂ ᠰᠢᠷᠬᠤᠰᠤᠨ ᠪᠠᠯᠭᠠᠰᠤᠨ ᠤ ᠱᠦᠢ ᠴᠢᠩ ᠸᠠᠨ ᠲᠤᠰᠬᠤᠨ ᠤ ᠵᠠᠩ ᠰᠢᠶᠤᠤ | ᠷᠦᠩ ᠤᠨ ᠲᠠᠷᠢᠶᠠᠨ ᠭᠠᠵᠠᠷ ᠲᠤ ᠦᠪᠤᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠳᠤ ᠺᠤᠮᠫᠠᠨᠢ ᠶᠢᠨ | ᠠᠵᠢᠯᠴᠢᠳ ᠦᠨ᠎ᠠ ᠲᠦᠯᠦᠪᠦᠷᠢ ᠦᠬᠡᠢ ᠪᠠᠷ ᠲᠡᠳᠡᠨ ᠤ ᠲᠠᠷᠢᠶᠠᠨ ᠭᠠᠵᠠᠷ ᠤᠨ ᠭᠦᠷᠦᠰᠦ ᠶᠢ ᠰᠢᠯᠭᠠᠨ ᠪᠤᠷᠳᠤᠭᠤᠷ | ᠲᠤᠬᠢᠷᠠᠭᠤᠯᠤᠨ ᠶᠠᠭᠠᠷᠠᠯᠳᠤᠨ᠎ᠠ᠃ | ︽ᠮᠡᠨ ᠤ ᠲᠠᠷᠢᠶᠠᠨ ᠭᠠᠵᠠᠷ ᠨᠠᠯᠢᠶᠠᠳ ᠬᠤᠵᠢᠷᠯᠢᠭ ᠪᠤᠯᠬᠤᠷ ᠤᠷᠭᠤᠯᠳᠠ ᠮᠠᠭᠤ᠂ ᠤᠨᠠᠯᠳᠠ ᠲᠤᠤᠷ᠎ᠠ᠃ | ᠦᠨᠦᠳᠦᠷ ᠡᠳᠡᠭᠡᠷ ᠠᠵᠢᠯᠴᠢᠳ ᠮᠠᠨ ᠤ ᠰᠢᠷᠤᠢ ᠠᠴᠠ ᠠᠪᠴᠦ ᠶᠠᠪᠤᠨ ᠰᠢᠨᠵᠢᠯᠠᠨ ᠰᠢᠯᠭᠠᠬᠤ ᠪᠠᠷ ᠪᠠᠶᠢᠨ᠎ᠠ᠂ | ᠭᠦᠷᠦᠰᠦ ᠰᠢᠷᠦᠢ ᠶᠢ ᠰᠠᠶᠢᠵᠢᠷᠠᠭᠤᠯᠴᠢᠬᠠᠪᠠᠯ ᠡᠨᠡ ᠭᠡᠰᠡᠭ ᠲᠠᠷᠢᠶᠠᠨ ᠭᠠᠵᠠᠷ ᠨᠢᠭᠡ ᠵᠦᠭ ᠲᠡᠭᠡᠨ ᠤᠷᠤᠴᠢᠬᠠᠨ᠎ᠠ︾ | ᠭᠡᠵᠤ ᠵᠠᠩ ᠰᠢᠶᠤᠤ ᠷᠦᠩ ᠪᠠᠶᠠᠷᠳᠠᠶᠢᠬᠠᠨ ᠬᠡᠯᠡᠨ᠎ᠠ᠃ | ᠤᠢᠢᠷ᠎ᠠ ᠶᠢᠨ ᠵᠢᠯ ᠠᠴᠠ ᠦᠪᠤᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠳᠤ ᠺᠤᠮᠫᠠᠨᠢ | ᠮᠠᠯᠴᠢᠨ ᠲᠠᠷᠢᠶᠠᠴᠢᠳ ᠤᠨ ᠡᠭᠦᠳᠡᠡ ᠳᠤ ᠭᠦᠷᠴᠦ ᠦᠨ᠎ᠠ ᠲᠦᠯᠦᠪᠦᠷᠢ ᠦᠬᠡᠢ ᠪᠠᠷ ᠤᠢᠢᠯᠡᠴᠢᠯᠡᠵᠤ᠂ ᠮᠠᠯᠴᠢᠨ | ᠲᠠᠷᠢᠶᠠᠴᠢᠳ ᠢ ᠲᠠᠶᠢᠴᠢᠯᠡᠨ ᠡᠯ᠎ᠠ ᠲᠦᠷᠦᠯ ᠤᠨ ᠪᠤᠷᠳᠤᠭᠤᠷ ᠢ ᠵᠤᠬᠢᠰᠳᠡᠢ ᠪᠠᠷ ᠭᠡᠷᠡᠭᠯᠡᠭᠦ ᠶᠢ ᠵᠢᠯᠤᠭᠤᠳᠤᠨ᠂ | ᠲᠡᠷᠢᠶᠡᠨ ᠤ ᠤᠨᠡᠯᠳᠡ ᠶᠢᠨ ᠨᠤᠷᠮ᠎ᠠ ᠶᠢ ᠲᠡᠭᠡᠭᠰᠢᠯᠡᠭᠦᠯᠵᠤ᠂ ᠤᠷᠤᠯᠭ᠎ᠠ ᠶᠢ ᠨᠢ ᠨᠡᠮᠡᠭᠳᠡᠭᠦᠯᠵᠦ ᠪᠠᠶᠢᠨ᠎ᠠ᠃ | ᠦᠪᠤᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠳᠤ ᠺᠤᠮᠫᠠᠨᠢ ᠶᠢᠨ ᠲᠠᠷᠢᠶᠠᠯᠠᠩ ᠤᠨ | ᠮᠡᠷᠭᠡᠵᠢᠯ ᠤᠨ ᠤᠢᠢᠯᠡᠴᠢᠯᠡᠭᠡᠨ ᠤ ᠲᠤᠭᠤᠢᠢᠯᠠᠩ ᠤᠨ ᠲᠠᠷᠤᠭ᠎ᠠ ᠵᠦ ᠪᠦᠸᠧ᠄ ︽ᠮᠡᠨ ᠤ ᠺᠤᠮᠫᠠᠨᠢ ᠭᠦᠷᠦᠰᠦ | ᠰᠢᠷᠤᠢ ᠶᠢ ᠰᠢᠯᠭᠠᠨ ᠲᠤᠬᠢᠷᠠᠭᠤᠯᠬᠤ ᠲᠤᠷᠰᠢᠯᠳᠡ ᠶᠢᠨ ᠲᠠᠰᠤᠭ ᠪᠠᠶᠢᠭᠤᠯᠤᠭᠠᠳ ᠲᠤᠬᠠᠢ ᠶᠢᠨ ᠭᠠᠵᠠᠷ ᠤᠨ ᠮᠠᠯᠴᠢᠨ | ᠲᠠᠷᠢᠶᠠᠴᠢᠳ ᠲᠤ ᠦᠨ᠎ᠠ ᠲᠦᠯᠦᠪᠦᠷᠢ ᠦᠬᠡᠢ ᠪᠠᠷ ᠭᠦᠷᠦᠰᠦ ᠶᠢ ᠨᠢ ᠰᠢᠯᠭᠠᠨ ᠪᠤᠷᠳᠤᠭᠤᠷ ᠲᠤᠬᠢᠷᠠᠭᠤᠯᠵᠤ | ᠦᠭᠭᠦ ᠪᠠᠷ ᠠᠮᠠᠯᠳᠠᠬᠰᠠᠨ ᠶᠤᠮ᠂ ᠮᠠᠯᠴᠢᠨ ᠲᠠᠷᠢᠶᠠᠴᠢᠳ ᠰᠢᠷᠤᠢ ᠪᠠᠨ ᠦᠪᠡᠷ ᠲᠡᠭᠡᠨ ᠭᠦᠷᠭᠡᠵᠤ ᠢᠷᠡᠭᠰᠡᠨ ᠴᠦ | ᠪᠤᠯᠤᠨ᠎ᠠ᠂ ᠪᠢᠳᠡ ᠤᠴᠢᠵᠤ ᠠᠪᠤᠬᠰᠠᠨ ᠴᠦ ᠪᠤᠯᠤᠨ᠎ᠠ︾ ᠬᠡᠵᠤ ᠪᠠᠶᠢᠯ᠎ᠠ᠃ | ᠤᠢᠢᠯᠠᠭᠠᠬᠰᠠᠨ ᠢᠶᠠᠷ᠂ ᠦᠪᠤᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ ᠬᠢᠵᠠᠭᠠᠷᠳᠤ ᠺᠤᠮᠫᠠᠨᠢ | 2016 ᠤᠨ ᠠᠴᠠ ᠡᠬᠢᠯᠡᠨ ᠭᠦᠷᠦᠰᠦ ᠰᠢᠷᠤᠢ ᠶᠢ ᠰᠠᠶᠢᠵᠢᠷᠠᠭᠤᠯᠬᠤ ᠪᠡ ᠭᠦᠷᠦᠰᠤ ᠶᠢ ᠰᠢᠯᠭᠠᠨ ᠪᠤᠷᠳᠤᠭᠤᠷ | ᠲᠤᠬᠢᠷᠠᠭᠤᠯᠬᠤ ᠠᠵᠢᠯ ᠢ ᠭᠠᠷᠳᠠᠨ ᠭᠢᠭᠰᠡᠨ ᠮᠦᠷᠳᠡᠭᠡᠨ ᠦᠤᠰᠢᠨ ᠤ ᠭᠦᠷᠦᠰᠦ ᠰᠢᠷᠤᠢ ᠶᠢᠨ ᠤᠨᠴᠠᠯᠢᠭ ᠲᠤ | ᠲᠤᠬᠢᠷᠠᠭᠤᠯᠤᠨ ᠡᠷᠳᠡᠨᠢ ᠰᠢᠰᠢ ᠶᠢᠨ ᠪᠤᠷᠳᠤᠭᠤᠷ ᠪᠠ ᠠᠮᠳᠠᠳᠤ ᠲᠦᠮᠤᠰᠤ ᠶᠢᠨ ᠪᠤᠷᠳᠤᠭᠤᠷ ᠢ ᠤᠢᠢᠯᠡᠳᠪᠤᠷᠢᠯᠡᠵᠤ᠂ | ᠰᠢᠷᠬᠤᠰᠤᠨ ᠪᠠᠯᠭᠠᠰᠤᠨ ᠤ ᠸᠠᠩ ᠶᠤᠤ ᠸᠠᠨ ᠲᠤᠰᠬᠤᠨ᠂ ᠭᠠᠯᠠᠭᠤᠳᠤ ᠪᠠᠯᠭᠠᠰᠤᠨ ᠤ ᠪᠠᠶᠠᠨᠴᠠᠶᠢᠳᠠᠮ ᠲᠤᠰᠬᠤᠨ | ᠵᠡᠷᠭᠡ 7 ᠭᠠᠵᠠᠷ ᠤᠷᠤᠨ ᠢᠶᠠᠷ ᠲᠤᠷᠰᠢᠯᠳᠡ ᠶᠢᠨ ᠲᠠᠷᠢᠶ᠎ᠠ ᠲᠠᠷᠢᠬᠤ ᠶᠢᠨ ᠬᠠᠮᠳᠤ ᠦᠷᠭᠡᠨ ᠤᠯᠠᠨ ᠮᠠᠯᠴᠢᠨ | ᠲᠠᠷᠢᠶᠠᠴᠢᠳ ᠢ ᠵᠤᠬᠢᠶᠠᠨ ᠪᠠᠶᠢᠭᠤᠯᠤᠨ ᠭᠦᠷᠦᠰᠦ ᠰᠢᠷᠤᠢ ᠶᠢ ᠰᠢᠯᠭᠠᠨ ᠪᠤᠷᠳᠤᠭᠤᠷ ᠲᠤᠬᠢᠷᠠᠭᠤᠯᠬᠤ ᠶᠠᠷᠦ ᠶᠢᠨ | ᠮᠡᠳᠡᠯᠭᠡ ᠶᠢᠨ ᠪᠤᠯᠪᠠᠰᠤᠷᠠᠯ ᠡᠷᠬᠢᠯᠡᠵᠤ᠂ ᠮᠠᠯᠴᠢᠨ ᠲᠠᠷᠢᠶᠠᠴᠢᠳ ᠤᠨ ᠰᠢᠨᠵᠢᠯᠡᠭᠦ ᠤᠬᠠᠭᠠᠨᠴᠢ ᠪᠠᠷ ᠲᠠᠷᠢᠶ᠎ᠠ | ᠲᠠᠷᠢᠬᠤ ᠳᠤ ᠲᠤᠰᠠᠯᠠᠵᠤ ᠪᠠᠶᠢᠨ᠎ᠠ᠃ ᠤᠳᠤᠬᠠᠨ ᠳᠤ ᠦᠪᠤᠷ ᠮᠤᠩᠭᠤᠯ ᠤᠨ ᠪᠦᠸᠧ ᠳ᠋ᠠ ᠱᠢ ᠳ᠋ᠢ ᠬᠢᠮᠢ ᠶᠢᠨ | ᠬᠢᠵᠠᠭᠠᠷᠳᠤ ᠺᠤᠮᠫᠠᠨᠢ ᠤᠷᠳᠤᠰ ᠬᠤᠳᠠ᠂ ᠪᠠᠶᠠᠨᠨᠠᠭᠤᠷ ᠬᠤᠳᠠ᠂ ᠲᠡᠮᠡᠭᠡᠳᠦ ᠬᠤᠳᠠ ᠵᠡᠷᠭᠡ ᠤᠢᠢᠷ᠎ᠠ ᠵᠡᠷᠭᠡᠯᠡᠳᠡᠭᠡ | ᠭᠠᠵᠠᠷ ᠤᠳ ᠲᠤ ᠭᠦᠷᠦᠰᠦ ᠰᠢᠷᠤᠢ ᠶᠢ ᠰᠢᠯᠭᠠᠨ ᠪᠤᠷᠳᠤᠭᠤᠷ ᠲᠤᠬᠢᠷᠠᠭᠤᠯᠬᠤ ᠠᠵᠢᠯ ᠢ ᠦᠷᠨᠢᠭᠦᠯᠵᠤ ᠪᠤᠢ᠃ ᠲᠤᠭ᠎ᠠ | ᠪᠦᠷᠢᠳᠭᠡᠯ ᠢ ᠦᠨᠳᠤᠰᠤᠯᠠᠪᠠᠯ᠂ ᠭᠦᠷᠦᠰᠦ ᠰᠢᠷᠤᠢ ᠶᠢ ᠰᠢᠯᠭᠠᠨ ᠪᠤᠷᠳᠤᠭᠤᠷ ᠲᠤᠬᠢᠷᠠᠭᠤᠯᠤᠨ ᠭᠦᠷᠦᠰᠤ ᠰᠢᠷᠤᠢ ᠶᠢ | ᠰᠠᠶᠢᠵᠢᠷᠠᠭᠤᠯᠤᠬᠰᠠᠨ ᠤ ᠲᠠᠷᠠᠭ᠎ᠠ ᠲᠠᠷᠢᠶᠠᠯᠠᠩ ᠤᠨ ᠤᠷᠭᠤᠴᠡ ᠰᠠᠶᠢᠵᠢᠷᠠᠨ᠂ ᠮᠦ ᠪᠦᠷᠢ ᠶᠢᠨ ᠤᠨᠡᠯᠳᠡ ᠨᠢ | ᠲᠡᠭᠰᠢᠳᠭᠡᠭᠡᠳ 5% ᠠᠴᠠ 25% ᠨᠡᠮᠡᠭᠳᠡᠵᠤ᠂ ᠭᠦᠷᠦᠰᠦ ᠰᠢᠷᠤᠢ ᠶᠢᠨ ᠴᠢᠨᠡᠷ ᠰᠠᠶᠢᠵᠢᠷᠠᠨ ᠭᠠᠩ ᠳᠤ | ᠲᠡᠰᠪᠤᠷᠢᠳᠡᠢ᠂ ᠰᠢᠮ᠎ᠡ ᠲᠡᠵᠢᠭᠡᠯ ᠭᠦᠷᠦᠯᠴᠡᠭᠦ᠋ᠢᠴᠡ᠂ ᠤᠨᠡᠯᠳᠡ ᠨᠢ ᠦᠨᠳᠤᠷ ᠪᠤᠯᠤᠬᠰᠠᠨ ᠪᠠᠶᠢᠨ᠎ᠠ᠃ |