ᠰᠢ ᠶᠢᠨ ᠫᠢᠩ᠄ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ ᠦᠭᠡᠷᠡᠴᠢᠯᠡᠯᠳᠠ ᠪᠠᠷ ᠴᠠᠭᠳᠠᠭ᠎ᠠ ᠶᠢ ᠬᠦᠴᠦᠷᠭᠡᠭᠵᠢᠬᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠵᠦ ᠨᠠᠮ ᠪᠤᠯᠤᠨ ᠠᠷᠠᠳ ᠲᠦᠮᠡᠨ ᠤ ᠤᠯᠭᠤᠭᠰᠠᠨ ᠰᠢᠨ᠎ᠠ ᠴᠠᠭ ᠦᠶ᠎ᠠ ᠶᠢᠨ ᠡᠬᠦᠷᠭᠡ ᠬᠠᠷᠢᠭᠤᠴᠠᠯᠭ᠎ᠠ ᠶᠢ ᠰᠠᠶᠢᠲᠣᠷ ᠭᠦᠢᠴᠡᠳᠭᠡᠬᠦ ᠬᠡᠷᠡᠭᠲᠡᠢ
ᠨᠡᠶᠢᠲᠡᠯᠡᠭᠰᠡᠨ ᠴᠠᠭ᠄
2019-05-13
     ᠪᠦᠬᠦ ᠤᠯᠤᠰ ᠤᠨ ᠳᠤᠳᠤᠭᠠᠳᠦ ᠶᠢ ᠬᠠᠮᠠᠭᠠᠯᠠᠬᠤ ᠠᠵᠢᠯ ᠤᠨ ᠬᠤᠷᠠᠯ 7 ᠠᠴᠠ 8 ᠤ ᠡᠳᠦᠷ ᠪᠤᠯᠳᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠰᠢᠨ᠎ᠠ ᠲᠡᠦᠭᠡ ᠶᠢᠨ ᠨᠦᠬᠦᠴᠡᠯ ᠲᠤᠤᠷ᠎ᠠ᠂ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠪᠦᠬᠦ᠋ᠢᠯᠡ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠦᠭᠡᠷᠡᠴᠢᠯᠡᠯᠳᠠ ᠪᠠᠷ ᠴᠠᠭᠳᠠᠭ᠎ᠠ ᠶᠢ ᠬᠦᠴᠦᠷᠭᠡᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ᠂ ᠲᠦᠪ ᠴᠢᠩᠭ᠎ᠠ ᠪᠠᠷ ᠴᠠᠭᠳᠠᠭ᠎ᠠ ᠶᠢ ᠵᠠᠰᠠᠬᠤ ᠶᠢ ᠪᠠᠷᠢᠮᠳᠠᠯᠠᠵᠦ᠂ ᠨᠠᠮ ᠪᠤᠯᠤᠨ ᠠᠷᠠᠳ ᠲᠦᠮᠡᠨ ᠤ ᠤᠯᠭᠤᠭᠰᠠᠨ ᠰᠢᠨ᠎ᠠ ᠴᠠᠭ ᠦᠶ᠎ᠠ ᠶᠢᠨ ᠡᠬᠦᠷᠭᠡ ᠬᠠᠷᠢᠭᠤᠴᠠᠯᠭ᠎ᠠ ᠶᠢ ᠰᠠᠶᠢᠳᠤᠷ ᠬᠦᠢᠴᠡᠳᠭᠡᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠳᠤᠯᠠᠭ᠎ᠠ ᠲᠠᠢ᠂ ᠨᠡᠩ ᠦᠷᠬᠦᠯᠵᠢᠯᠡᠬᠦ ᠪᠤᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠬᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠳᠤ ᠠᠮᠤᠷ ᠲᠦᠪᠰᠢᠨ ᠲᠤᠭᠳᠠᠭᠤᠨ ᠤᠯᠤᠰ ᠲᠦᠷᠦ ᠨᠡᠶᠢᠭᠡᠮ ᠤᠨ ᠤᠷᠴᠢᠨ ᠢ ᠪᠦᠷᠢᠯᠳᠦᠬᠦᠯᠵᠦ ᠦᠭᠬᠦ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠬᠤᠷᠠᠯ ᠳᠤ ᠤᠷᠤᠯᠴᠠᠵᠠᠢ᠃      ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠡᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠡᠭᠡᠳᠡᠷᠡᠭᠡᠨ ᠪᠤᠳᠤᠯᠢᠶᠠᠨᠳᠠᠢ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠤᠨ ᠡᠮᠦᠨ᠎ᠠ᠂ ᠨᠠᠮ ᠤᠨ ᠲᠦᠪ ᠬᠤᠷᠢᠶ᠎ᠠ ᠤᠯᠤᠰ ᠤᠨ ᠳᠤᠳᠤᠭᠠᠳᠦ ᠶᠢᠨ ᠪᠠ ᠤᠯᠠᠨ ᠤᠯᠤᠰ ᠤᠨ ᠬᠤᠶᠠᠷ ᠶᠡᠭᠡ ᠲᠠᠯ᠎ᠠ᠂ ᠬᠦᠭᠵᠢᠯᠳᠠ ᠪᠠ ᠠᠮᠤᠷ ᠲᠦᠪᠰᠢᠨ ᠤ ᠡᠨᠡ ᠬᠦ ᠬᠤᠶᠠᠷ ᠶᠡᠭᠡ ᠶᠠᠪᠤᠳᠠᠯ ᠢ ᠨᠢᠭᠡᠳᠦᠯᠳᠠᠢ ᠲᠦᠯᠦᠪᠵᠢᠬᠦᠯᠵᠦ᠂ ᠳᠤᠳᠤᠭᠠᠳᠦ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠠᠯᠢ ᠤᠯᠠᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠭᠠᠷᠭᠠᠵᠦ᠂ ᠠᠯᠢ ᠤᠯᠠᠨ ᠴᠢᠬᠤᠯᠠ ᠶᠡᠭᠡ ᠦᠭᠡᠷᠡᠴᠢᠯᠡᠯᠳᠠ ᠶᠢᠨ ᠠᠷᠭ᠎ᠠ ᠭᠡᠮᠵᠢᠶ᠎ᠠ ᠭᠡᠷᠡᠭᠵᠢᠬᠦᠯᠵᠦ᠂ ᠳᠤᠳᠤᠭᠠᠳᠦ ᠶᠢ ᠬᠠᠮᠠᠭᠠᠯᠠᠬᠤ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠤᠨ ᠴᠠᠭᠳᠠᠭ᠎ᠠ ᠶᠢ ᠴᠢᠩᠭ᠎ᠠ ᠵᠠᠰᠠᠵᠦ᠂ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠭᠡᠷᠡᠭᠵᠢᠬᠦᠯᠬᠦ ᠨᠡᠶᠢᠳᠡ ᠶᠢᠨ ᠢᠳᠡᠭᠡᠬᠦᠯᠬᠦ ᠬᠦᠴᠦᠨ ᠢ ᠳᠡᠭᠡᠭᠰᠢᠯᠡᠬᠦᠯᠵᠦ᠂ ᠨᠡᠶᠢᠭᠡᠮ ᠤᠨ ᠡᠷᠭᠡ ᠲᠡᠭᠰᠢ ᠲᠦᠪ ᠭᠤᠤᠯᠴᠢ ᠶᠢ ᠠᠬᠢᠭᠤᠯᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠵᠠᠢ ᠭᠡᠵᠦ ᠴᠢᠬᠤᠯᠠᠴᠢᠯᠠᠪᠠ᠃ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠪᠦᠬᠦ ᠤᠯᠤᠰ ᠤᠨ ᠦᠷᠭᠡᠨ ᠤᠯᠠᠨ ᠳᠤᠳᠤᠭᠠᠳᠦ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠴᠢᠩ ᠰᠡᠳᠬᠢᠯ ᠠᠴᠠ ᠪᠠᠨ ᠲᠤᠬᠤᠨᠢᠭᠤᠯᠵᠦ ᠪᠠᠶᠢᠭ᠎ᠠ ᠪᠠᠨ ᠢᠯᠡᠳᠭᠡᠵᠡᠢ᠃      ᠰᠢ ᠶᠢᠨ ᠫᠢᠩ᠂ ᠦᠢᠯᠡᠳᠦᠯᠭᠡ ᠶᠢᠨ ᠳᠤᠮᠳᠠ᠂ ᠪᠢᠳᠠ ᠳᠤᠳᠤᠭᠠᠳᠦ ᠶᠢ ᠬᠠᠮᠠᠭᠠᠯᠠᠬᠤ ᠠᠵᠢᠯ ᠤᠨ ᠵᠢᠮ᠎ᠠ ᠶᠤᠰᠤᠴᠢ ᠴᠢᠨᠠᠷ ᠤᠨ ᠲᠤᠬᠠᠢ ᠲᠠᠨᠢᠯᠳᠠ ᠪᠠᠨ ᠬᠦᠨᠵᠡᠭᠡᠶᠢᠷᠡᠬᠦᠯᠵᠦ᠂ ᠮᠠᠰᠢ ᠤᠯᠠᠨ ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠪᠠ᠂ ᠡᠷᠭᠡᠪᠰᠢ ᠠᠮᠵᠢᠯᠳᠠ ᠤᠯᠤᠬᠰᠠᠨ ᠲᠤᠷᠰᠢᠯᠭ᠎ᠠ ᠪᠠᠨ ᠰᠠᠶᠢᠳᠤᠷ ᠳ᠋ᠦᠩᠨᠡᠵᠦ᠂ ᠰᠠᠶᠢᠳᠤᠷ ᠠᠰᠢᠬᠯᠠᠵᠦ᠂ ᠳᠤᠳᠤᠭᠠᠳᠦ ᠶᠢ ᠬᠠᠮᠠᠭᠠᠯᠠᠬᠤ ᠠᠵᠢᠯ ᠤᠨ ᠡᠷᠡᠰ ᠪᠠᠳᠤ ᠵᠦᠪ ᠤᠯᠤᠰ ᠲᠦᠷᠦ ᠶᠢᠨ ᠴᠢᠭᠯᠡᠯ ᠢ ᠪᠠᠳᠤᠯᠠᠵᠦ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠤᠨ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠵᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠦᠪ ᠭᠤᠤᠯᠴᠢ ᠪᠠᠷ ᠬᠠᠤᠯᠢ ᠭᠡᠷᠡᠭᠵᠢᠬᠦᠯᠬᠦ᠂ ᠰᠠᠬᠢᠯᠭ᠎ᠠ ᠪᠠᠳᠤ ᠢᠯᠠ ᠳᠤᠳᠤᠷᠬᠠᠢ ᠪᠠᠶᠢᠬᠤ ᠶᠡᠷᠦᠩᠭᠡᠢ ᠱᠠᠭᠠᠷᠳᠠᠯᠭ᠎ᠠ ᠶᠤᠰᠤᠭᠠᠷ᠂ ᠨᠠᠮ ᠤᠨ ᠲᠦᠪ ᠬᠤᠷᠢᠶ᠎ᠠ ᠶᠢ ᠰᠠᠨᠠᠭ᠎ᠠ ᠠᠮᠤᠷᠤᠭᠤᠯᠤᠭᠰᠠᠨ᠂ ᠠᠷᠠᠳ ᠲᠦᠮᠡᠨ ᠬᠠᠨᠤᠮᠵᠢᠳᠠᠢ ᠪᠤᠯᠤᠭᠰᠠᠠ ᠦᠨᠳᠦᠷ ᠬᠡᠪ ᠪᠤᠯᠪᠠᠰᠤᠷᠠᠯ ᠲᠠᠢ ᠤᠷᠦ᠋ᠢᠯᠠᠬᠰᠠᠨ ᠳᠤᠳᠤᠭᠠᠳᠦ ᠶᠢ ᠬᠠᠮᠠᠭᠠᠯᠠᠬᠤ ᠡᠩᠨᠡᠭᠡ ᠶᠢ ᠴᠤᠬᠴᠠᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠤᠯᠤᠰ ᠲᠦᠷᠦ ᠶᠢᠨ ᠲᠠᠯ᠎ᠠ ᠪᠠᠷ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢ ᠪᠠᠶᠢᠭᠤᠯᠬᠤ ᠪᠠ ᠡᠵᠡᠮᠳᠡᠵᠦ᠂ ᠪᠦᠬᠦ ᠴᠠᠭᠳᠠᠭ᠎ᠠ ᠶᠢ ᠬᠦᠳᠦᠯᠦᠨ ᠵᠢᠯᠤᠭᠤᠳᠴᠦ ᠪᠠᠶᠢᠭᠠᠳ ︽ᠲᠦᠷᠪᠡᠨ ᠤᠬᠠᠮᠰᠠᠷ︾ ᠢ ᠴᠢᠩᠭᠠᠷᠠᠭᠤᠯᠵᠤ᠂ ︽ᠲᠦᠷᠪᠡᠨ ᠢᠳᠡᠭᠡᠯ︾ ᠢ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠢᠮᠠᠬᠳᠠ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭᠠᠨ ᠤ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠭᠡᠷᠡᠭᠲᠡᠢ᠃ ᠪᠦᠬᠦ ᠴᠠᠭᠳᠠᠭ᠎ᠠ ᠶᠢ ᠬᠦᠮᠦᠵᠢᠬᠦᠯᠦᠨ ᠵᠦᠪ ᠶᠢᠷᠳᠢᠨᠴᠦ ᠶᠢᠨ ᠦᠵᠡᠯᠳᠠ᠂ ᠠᠮᠢᠳᠤᠷᠠᠬᠤᠢ ᠶᠢᠨ ᠦᠵᠡᠯᠳᠠ᠂ ᠦᠷᠳᠡᠭ ᠤᠨ ᠦᠵᠡᠯᠳᠠ ᠶᠢ ᠪᠠᠳᠤ ᠪᠤᠢ ᠪᠤᠯᠭᠠᠬᠤ ᠭᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠳᠠᠯᠠᠵᠤ᠂ ᠰᠢᠨ᠎ᠠ ᠴᠠᠭ ᠦᠶ᠎ᠠ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠤᠰᠤᠭᠠᠷ᠂ ᠡᠯ᠎ᠠ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠰᠠᠶᠢᠳᠤᠷ ᠰᠤᠩᠭᠤᠵᠤ ᠬᠦᠴᠦᠷᠬᠡᠭᠵᠢᠭᠦᠯᠦᠨ ᠲᠤᠬᠢᠷᠠᠭᠤᠯᠬᠤ ᠬᠡᠷᠡᠭᠳᠠᠢ᠃ ᠡᠯ᠎ᠠ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠬᠤ ᠵᠡᠷᠭᠡ ᠪᠠᠶᠢᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠬᠤ᠂ ᠦᠷ᠎ᠠ ᠪᠦᠲᠦᠮᠵᠢ ᠶᠢ ᠪᠠᠶᠢᠴᠠᠭᠠᠬᠤ ᠬᠠᠷᠢᠭᠤᠴᠠᠯᠭ᠎ᠠ ᠲᠤᠯᠭᠠᠬᠤ ᠲᠤᠭᠳᠠᠴᠠ ᠶᠢ ᠲᠡᠭᠦᠯᠳᠡᠷᠵᠢᠭᠦᠯᠵᠤ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠤᠯᠤᠨ ᠡᠯ᠎ᠠ ᠵᠦᠢᠯ ᠤᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠡᠯ᠎ᠠ ᠵᠦᠢᠯ ᠤᠨ ᠨᠡᠶᠢᠭᠡᠮ ᠤᠨ ᠵᠦᠷᠢᠴᠡᠯ ᠢ ᠢᠳᠡᠪᠬᠢᠳᠠᠢ ᠪᠠᠷ ᠰᠡᠷᠭᠡᠶᠢᠯᠡᠨ ᠲᠤᠬᠢᠲᠠᠢ ᠰᠢᠢᠳᠪᠦᠷᠢᠯᠡᠵᠤ᠂ ᠨᠡᠶᠢᠭᠡᠮ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠦᠭᠡᠳ ᠠᠮᠤᠷ ᠲᠤᠭᠳᠠᠭᠤᠨ ᠡᠮᠬᠢ ᠴᠡᠭᠴᠡ ᠲᠠᠢ ᠪᠠᠶᠢᠬᠤ ᠶᠢ ᠪᠠᠳᠤᠯᠠᠬᠤ ᠬᠡᠷᠡᠭᠳᠠᠢ᠃ ᠲᠤᠭᠳᠠᠭᠤᠨ ᠢ ᠬᠠᠮᠠᠭᠠᠯᠠᠬᠤ ᠪᠤᠯᠤᠨ ᠡᠷᠬᠡ ᠶᠢ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠵᠤ᠂ ᠵᠦᠢ ᠶᠤᠰᠤᠨ ᠤ ᠬᠠᠤᠯᠢ ᠶᠤᠰᠤᠨ ᠤ ᠰᠠᠨᠠᠯ ᠱᠠᠭᠠᠷᠳᠠᠯᠭ᠎ᠠ ᠶᠢ ᠰᠢᠢᠳᠪᠦᠷᠢᠯᠡᠵᠤ᠂ ᠤᠯᠠᠨ ᠨᠡᠶᠢᠳᠡ ᠶᠢᠨ ᠠᠰᠢᠭ ᠲᠤᠰᠠ ᠶᠢ ᠬᠠᠮᠠᠭᠠᠯᠠᠬᠤ ᠪᠠᠷ ᠪᠠᠷᠠᠬᠤ ᠦᠭᠡᠢ ᠤᠯᠠᠨ ᠲᠦᠮᠡᠨ ᠤ ᠬᠠᠣᠯᠢ ᠶᠤᠰᠤᠭᠠᠷ ᠰᠠᠨᠠᠯ ᠱᠠᠭᠠᠷᠳᠠᠯᠭ᠎ᠠ ᠪᠠᠨ ᠢᠯᠡᠳᠭᠡᠨ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠶᠢ ᠬᠦᠳᠦᠯᠦᠨ ᠳᠠᠭᠠᠭᠤᠯᠬᠤ ᠬᠡᠷᠡᠭᠳᠠᠢ᠃ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠦᠯᠦᠭᠡᠯᠡᠬᠦ ᠳᠤᠪᠤᠶᠢᠮ᠎ᠠ ᠠᠰᠠᠭᠤᠳᠠᠯ ᠢᠶᠠᠷ ᠭᠤᠤᠯᠳᠠᠭᠤᠯᠵᠤ᠂ ᠶᠠᠯᠠᠳᠤ ᠡᠳᠡᠭᠡᠳ ᠲᠤ ᠴᠤᠬᠢᠯᠳᠠ ᠦᠭᠬᠦ᠂ ᠠᠷᠠᠳ ᠲᠦᠮᠡᠨ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠬᠤ᠂ ᠫᠤᠤ ᠳᠠᠷᠢ ᠳᠤ ᠬᠤᠯᠪᠤᠭᠳᠠᠬᠤ᠂ ᠬᠦᠴᠦᠷᠬᠡᠭᠯᠡᠯ ᠤᠨ ᠰᠦᠷᠳᠡᠭᠦᠯᠦᠯ ᠪᠤᠯᠤᠨ ᠬᠤᠪᠢ ᠬᠦᠮᠦᠨ ᠤ ᠬᠡᠳᠦᠷᠡᠮᠡᠬᠡᠢ ᠬᠦᠴᠦᠷᠬᠡᠭᠯᠡᠯ ᠤᠨ ᠶᠠᠯᠠᠳᠤ ᠠᠵᠢᠯᠯᠠᠭ᠎ᠠ ᠂ ᠬᠤᠯᠠᠭᠠᠶᠢᠯᠠᠬᠤ ᠳᠡᠭᠡᠷᠡᠮᠳᠡᠬᠦ ᠮᠡᠬᠡᠯᠡᠬᠦ᠂ ᠱᠠᠯᠢᠭ ᠵᠠᠪᠬᠠᠢ ᠵᠤᠭᠤᠰ ᠮᠦᠷᠦ᠋ᠢᠴᠡᠬᠦ ᠬᠤᠤᠷ ᠲᠠᠳᠠᠬᠤ ᠬᠤᠤᠷ ᠰᠠᠷᠢᠭᠠᠯᠠᠬᠤ᠂ ᠢᠳᠡᠭᠡᠨ ᠤ ᠵᠦᠢᠯ ᠡᠮ ᠲᠠᠩ ᠤᠷᠴᠢᠨ ᠲᠤᠭᠤᠷᠢᠨ ᠵᠡᠷᠭᠡ ᠳᠤ ᠬᠤᠯᠪᠤᠭᠳᠠᠬᠤ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠨᠳᠤᠭᠤᠯᠤᠨ ᠦᠨᠳᠦᠷ ᠳᠠᠷᠤᠯᠳᠠᠳᠤ ᠰᠦᠷᠳᠡᠭᠦᠯᠬᠦ ᠪᠠᠶᠢᠳᠠᠯ ᠢᠶᠠᠨ ᠪᠠᠳᠤᠯᠠᠵᠤ᠂ ᠬᠦᠨᠳᠦ ᠴᠤᠬᠢᠯᠳᠠ ᠦᠭᠴᠤ᠂ ᠢᠯᠡᠷᠡᠪᠡᠯ ᠳᠠᠷᠦ᠋ᠢᠬᠠᠨ ᠴᠤᠬᠢᠬᠤ ᠬᠡᠷᠡᠭᠳᠠᠢ᠃ ᠴᠤᠬᠢᠯᠳᠠ ᠦᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠪᠦᠬᠦ᠋ᠢᠯᠡ ᠴᠤᠭᠴᠠ ᠪᠠᠷ ᠰᠡᠷᠭᠡᠶᠢᠯᠡᠨ ᠡᠵᠡᠮᠳᠡᠵᠤ᠂ ᠲᠤᠰᠬᠠᠢ ᠪᠠᠶᠢᠭᠤᠯᠭ᠎ᠠ ᠶᠢᠨ ᠬᠠᠮᠢᠶᠠᠷᠤᠯᠳᠠ ᠪᠤᠯᠤᠨ ᠤᠯᠠᠨ ᠲᠦᠮᠡᠨ ᠤ ᠦᠪᠡᠷ ᠤᠨ ᠵᠠᠰᠠᠯᠳᠠ ᠶᠢ ᠤᠶᠠᠯᠳᠤᠭᠤᠯᠵᠤ᠂ ᠤᠯᠠᠨ ᠲᠦᠮᠡᠨ ᠤ ᠦᠪᠡᠷᠰᠡᠳ ᠢᠶᠠᠨ ᠰᠡᠷᠭᠡᠶᠢᠯᠡᠵᠤ ᠦᠪᠡᠷᠰᠡᠳ ᠢᠶᠠᠨ ᠵᠠᠰᠠᠬᠤ ᠶᠢ ᠠᠬᠢᠭᠤᠯᠵᠤ᠂ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠳᠤᠷ ᠪᠠᠷᠢᠮᠳᠠᠯᠠᠵᠤ᠂ ᠰᠠᠶᠢᠳᠤᠷ ᠬᠦᠭᠵᠢᠭᠦᠯᠵᠤ᠂ ᠨᠠᠮ ᠤᠨ ᠤᠯᠠᠨ ᠲᠦᠮᠡᠨᠴᠢ ᠱᠤᠭᠤᠮ ᠢ ᠰᠠᠶᠢᠳᠤᠷ ᠪᠠᠷᠢᠮᠳᠠᠯᠠᠵᠤ᠂ ᠰᠠᠶᠢᠳᠤᠷ ᠲᠤᠭᠤᠰᠢᠯᠠᠭᠤᠯᠵᠤ᠂ ᠤᠯᠠᠨ ᠲᠦᠮᠡᠨ ᠢ ᠭᠦᠢᠴᠡᠳ ᠳᠠᠶᠢᠴᠢᠯᠠᠵᠤ᠂ ᠤᠯᠠᠨ ᠲᠦᠮᠡᠨ ᠢ ᠭᠦᠢᠴᠡᠳ ᠵᠤᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠵᠤ᠂ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠶᠢᠨ ᠰᠢᠨ᠎ᠠ ᠶᠢ ᠡᠭᠦᠳᠬᠦ ᠶᠢ ᠠᠬᠢᠭᠤᠯᠵᠤ᠂ ᠨᠡᠩ ᠦᠨᠳᠦᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠲᠦᠪ ᠭᠤᠤᠯᠴᠢ ᠰᠢᠳᠤᠷᠭᠤ ᠶᠤᠰᠤ ᠪᠤᠯ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠠᠮᠢᠨ ᠰᠤᠳᠠᠰᠤ ᠪᠤᠯᠤᠨ᠎ᠠ᠃ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠤ ᠲᠤᠭᠳᠠᠴᠠ ᠪᠤᠯᠤᠨ ᠬᠠᠮᠢᠶᠠᠷᠤᠯᠳᠠ ᠬᠢᠨᠠᠯᠳᠠ ᠬᠢᠵᠠᠭᠠᠷᠯᠠᠯ ᠤᠨ ᠰᠢᠰᠲ᠋ᠧᠮ ᠢ ᠲᠡᠭᠦᠯᠳᠡᠷᠵᠢᠭᠦᠯᠵᠤ᠂ ᠬᠡᠷᠡᠭ ᠪᠦᠬᠦᠨ ᠢ ᠭᠦᠢᠴᠡᠳᠭᠡᠬᠦ᠂ ᠬᠡᠷᠡᠭ ᠪᠦᠬᠦᠨ ᠢ ᠰᠢᠢᠳᠪᠦᠷᠢᠯᠡᠬᠦ ᠳᠤᠮᠳᠠ ᠠᠴᠠ ᠠᠷᠠᠳ ᠲᠦᠮᠡᠨ ᠳᠤ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠭᠦᠯᠬᠦ ᠬᠡᠷᠡᠭᠳᠠᠢ᠃ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠶᠠᠯᠠᠳᠤ ᠡᠳᠡᠭᠡᠳ ᠲᠤ ᠴᠤᠬᠢᠯᠳᠠ ᠦᠭᠬᠦ ᠪᠤᠯᠤᠨ ᠬᠦᠮᠦᠨ ᠤ ᠡᠷᠬᠡ ᠶᠢ ᠪᠠᠳᠤᠯᠠᠬᠤ᠂ ᠦᠷ᠎ᠠ ᠪᠦᠲᠦᠮᠵᠢ ᠶᠢ ᠡᠷᠬᠢᠮᠯᠡᠬᠦ ᠪᠤᠯᠤᠨ ᠲᠦᠪ ᠭᠤᠤᠯᠴᠢ ᠶᠢ ᠪᠡᠶᠡᠯᠡᠭᠦᠯᠬᠦ᠂ ᠬᠠᠤᠯᠢ ᠬᠡᠷᠡᠭᠵᠢᠭᠦᠯᠬᠦ ᠬᠠᠷᠠᠯᠳᠠ ᠪᠤᠯᠤᠨ ᠬᠠᠤᠯᠢ ᠬᠡᠷᠡᠭᠵᠢᠭᠦᠯᠬᠦ ᠬᠡᠯᠪᠡᠷᠢ ᠶᠢ ᠤᠷᠭᠠᠨᠢᠭ ᠢᠶᠠᠷ ᠨᠢᠭᠡᠳᠭᠡᠵᠤ᠂ ᠬᠠᠮᠤᠭ ᠤᠨ ᠰᠠᠶᠢᠨ ᠬᠠᠤᠯᠢ ᠴᠠᠭᠠᠵᠠ ᠶᠢᠨ ᠦᠷ᠎ᠠ ᠪᠦᠲᠦᠮᠵᠢ᠂ ᠤᠯᠤᠰ ᠲᠦᠷᠦ ᠶᠢᠨ ᠦᠷ᠎ᠠ ᠪᠦᠲᠦᠮᠵᠢ᠂ ᠨᠡᠶᠢᠭᠡᠮ ᠤᠨ ᠦᠷ᠎ᠠ ᠪᠦᠲᠦᠮᠵᠢ ᠭᠠᠷᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠠᠢ᠃ ᠬᠠᠤᠯᠢ ᠴᠠᠭᠠᠵᠠ ᠶᠢᠨ ᠡᠮᠦᠨ᠎ᠠ ᠬᠦᠮᠦᠨ ᠪᠦᠬᠦᠨ ᠡᠷᠬᠡ ᠲᠡᠭᠰᠢ ᠪᠠᠶᠢᠬᠤ ᠬᠡᠷᠡᠭᠳᠠᠢ᠂ ᠶᠠᠮᠠᠷᠪᠠ ᠬᠦᠮᠦᠨ ᠭᠡᠳ ᠬᠠᠤᠯᠢ ᠴᠠᠭᠠᠵᠠ ᠠᠴᠠ ᠳᠡᠭᠡᠭᠦᠷ ᠪᠠᠶᠢᠵᠤ ᠪᠤᠯᠬᠤ ᠦᠭᠡᠢ᠃ ᠪᠦᠬᠦ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠳᠤ ᠬᠠᠤᠯᠢ ᠶᠤᠰᠤᠭᠠᠷ ᠬᠡᠷᠡᠭ ᠤᠴᠢᠷ ᠭᠦᠢᠴᠡᠳᠭᠡᠬᠦ᠂ ᠤᠴᠢᠷ ᠶᠠᠪᠤᠲᠠᠯ ᠲᠠᠭᠠᠷᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠦᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠬᠠᠤᠯᠢᠵᠢᠯ ᠤᠨ ᠤᠷᠴᠢᠨ ᠢ ᠪᠠᠶᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠡᠷᠬᠡᠪᠰᠢ ᠢᠳᠡᠬᠡᠯ ᠵᠤᠷᠢᠬ ᠢᠶᠠᠨ ᠪᠠᠳᠤᠳᠬᠠᠵᠦ᠂ ᠪᠠᠶᠢᠲᠠᠯ ᠢ ᠲᠠᠭᠠᠨ ᠤᠷᠤᠬᠰᠢᠯᠠᠨ ᠲᠠᠪᠰᠢᠵᠦ᠂ ᠰᠢᠨ᠎ᠠ ᠴᠠᠬ ᠦᠶ᠎ᠠ ᠶᠢᠨ ᠳᠤᠳᠤᠭᠠᠳᠤ ᠶᠢ ᠬᠠᠮᠠᠭᠠᠯᠠᠬᠤ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ ᠶᠢ ᠠᠬᠢᠭᠤᠯᠬᠤ ᠬᠡᠷᠡᠭᠳᠡᠢ᠃ ᠡᠷᠬᠡᠪᠰᠢ ᠬᠠᠪᠳᠠᠭᠠᠶᠢᠵᠢᠬᠰᠠᠨ ᠬᠠᠮᠢᠶᠠᠷᠤᠯᠳᠠ ᠶᠢ ᠳᠡᠯᠬᠡᠷᠡᠬᠦᠯᠵᠦ᠂ ᠪᠠᠶᠢᠭᠤᠯᠭ᠎ᠠ ᠪᠠᠨ ᠰᠤᠳᠤᠨ ᠪᠤᠯᠭᠠᠵᠦ᠂ ᠴᠠᠬᠳᠠᠭᠠᠨ ᠳᠦᠷᠦᠯ ᠢᠶᠠᠨ ᠰᠢᠯᠢᠳᠡᠭᠵᠢᠬᠦᠯᠵᠦ᠂ ᠦᠨᠳᠤᠰᠤᠨ ᠱᠠᠳᠤ ᠶᠢ ᠬᠦᠴᠦᠷᠬᠡᠭᠵᠢᠬᠦᠯᠵᠦ᠂ ᠰᠠᠭᠤᠷᠢ ᠶᠢ ᠪᠤᠳᠠᠳᠠᠶᠢᠵᠢᠭᠤᠯᠤᠨ ᠪᠠᠬᠢᠵᠢᠭᠦᠯᠵᠤ᠂ ᠴᠢᠳᠠᠪᠬᠢ ᠰᠢᠨᠵᠢᠯᠡᠬᠦ ᠤᠬᠠᠭᠠᠨᠴᠢ᠂ ᠡᠷᠬᠡ ᠳᠤᠰᠢᠶᠠᠯ ᠳᠤᠳᠤᠷᠬᠠᠢ᠂ ᠵᠢᠯᠤᠭᠤᠳᠤᠯᠭ᠎ᠠ ᠰᠢᠯᠤᠭᠤᠨ᠂ ᠠᠵᠢᠯᠯᠠᠭ᠎ᠠ ᠦᠨᠳᠦᠷ ᠦᠷ᠎ᠠ ᠪᠦᠳᠦᠮᠵᠢᠳᠡᠢ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠳᠠᠪᠬᠢ ᠶᠢᠨ ᠰᠢᠰᠲ᠋ᠧᠮ ᠢ ᠳᠦᠷᠬᠡᠨ ᠴᠤᠬᠴᠠᠯᠠᠨ ᠪᠠᠶᠢᠭᠤᠯᠬᠤ ᠬᠡᠷᠡᠭᠳᠡᠢ᠃ ᠡᠷᠬᠡᠪᠰᠢ ᠦᠨᠳᠦᠰᠦᠨ ᠱᠠᠳᠤ ᠶᠢ ᠶᠡᠭᠡ ᠪᠠᠷ ᠠᠳᠬᠤᠬᠤ᠂ ᠦᠨᠳᠦᠰᠦ ᠰᠠᠭᠤᠷᠢ ᠶᠢ ᠶᠡᠭᠡ ᠪᠠᠷ ᠠᠳᠬᠤᠬᠤ ᠤᠳᠤᠷᠢᠳᠤᠮᠵᠢ ᠶᠢ ᠪᠤᠢ ᠪᠤᠯᠭᠠᠵᠤ᠂ ᠭᠤᠤᠯᠳᠠᠯᠭ᠎ᠠ ᠪᠠᠨ ᠦᠨᠳᠦᠰᠦᠨ ᠱᠠᠳᠤ ᠲᠡᠶᠢᠰᠢ ᠰᠢᠯᠵᠢᠬᠦᠯᠵᠦ᠂ ᠴᠠᠬᠳᠠᠭᠠᠨ ᠤ ᠬᠦᠴᠦᠨ ᠢᠶᠠᠨ ᠳᠤᠷᠤᠬᠰᠢ ᠪᠠᠭᠤᠯᠭᠠᠵᠦ᠂ ᠪᠠᠳᠤᠯᠠᠭ᠎ᠠ ᠶᠢ ᠳᠤᠷᠤᠬᠰᠢ ᠬᠡᠯᠪᠠᠶᠢᠯᠬᠡᠵᠦ᠂ ᠦᠨᠳᠦᠰᠦᠨ ᠱᠠᠳᠤᠨ ᠤ ᠪᠤᠳᠠᠳᠤ ᠬᠦᠴᠦᠨ ᠢ ᠴᠢᠩᠭᠠᠷᠠᠭᠤᠯᠵᠦ᠂ ᠦᠨᠳᠦᠰᠦᠨ ᠱᠠᠳᠤᠨ ᠤ ᠠᠮᠢᠵᠢᠷᠠᠯ ᠤᠨ ᠬᠦᠴᠦᠨ ᠢ ᠬᠦᠭᠵᠢᠬᠡᠵᠦ᠂ ᠦᠨᠳᠦᠰᠦᠨ ᠱᠠᠳᠤᠨ ᠤ ᠳᠠᠶᠢᠴᠢᠨ ᠬᠦᠴᠦᠨ ᠢ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠪᠠᠶᠢᠭᠤᠯᠤᠮᠵᠢ ᠶᠢᠨ ᠦᠬᠡᠷᠡᠴᠢᠯᠡᠯᠳᠡ ᠯᠦᠭᠡ ᠢᠵᠢ ᠪᠦᠷᠢᠳᠦᠬᠦᠯᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠳᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠴᠢᠳᠠᠪᠬᠢ ᠶᠢᠨ ᠳᠤᠬᠢᠷᠠᠭᠤᠯᠤᠯᠳᠠ᠂ ᠪᠠᠶᠢᠭᠤᠯᠤᠮᠵᠢ ᠶᠢᠨ ᠲᠤᠬᠢᠷᠠᠭᠤᠯᠤᠯᠳᠠ᠂ ᠬᠦᠴᠦᠨ ᠤ ᠡᠬᠢ ᠪᠠᠶᠠᠯᠢᠬ ᠤᠨ ᠳᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠪᠠᠶᠢᠭᠤᠯᠭ᠎ᠠ ᠠᠵᠢᠯᠳᠡᠨ ᠤ ᠡᠬᠦᠷᠭᠡ ᠴᠢᠳᠠᠪᠬᠢ ᠶᠢᠨ ᠨᠡᠶᠢᠳᠬᠡᠯ᠂ ᠳᠤᠬᠠᠶᠢᠯᠠᠬᠰᠠᠨ ᠠᠵᠢᠯ ᠤᠨ ᠠᠭᠤᠰᠤᠯᠴᠠᠭ᠎ᠠ᠂ ᠳᠤᠬᠳᠠᠴᠠ ᠶᠢᠨ ᠠᠵᠢᠯᠯᠠᠭᠠᠨ ᠤ ᠵᠤᠯᠭᠠᠯᠴᠠᠭ᠎ᠠ ᠶᠢ ᠴᠢᠩᠭᠠᠳᠬᠠᠬᠤ ᠬᠡᠷᠡᠭᠳᠡᠢ᠃ ᠡᠷᠬᠡᠪᠰᠢ ᠳᠤᠮᠤ ᠳ᠋ᠠᠶᠢᠲ᠋ᠠ ᠪᠠᠷ ᠳᠤᠳᠤᠭᠠᠳᠤ ᠶᠢ ᠬᠠᠮᠠᠭᠠᠯᠠᠬᠤ ᠠᠵᠢᠯ ᠤᠨ ᠰᠢᠨ᠎ᠠ ᠶᠢ ᠡᠬᠦᠳᠦᠨ ᠬᠦᠭᠵᠢᠬᠦᠯᠬᠦ ᠳᠤᠮᠤ ᠬᠦᠳᠡᠯᠬᠡᠬᠦᠷ ᠪᠤᠯᠭᠠᠵᠤ᠂ ᠳᠠᠶᠢᠴᠢᠨ ᠬᠦᠴᠦᠨ ᠢ ᠬᠦᠮᠦᠵᠢᠬᠦᠯᠬᠦ ᠰᠢᠨ᠎ᠠ ᠨᠡᠮᠡᠭᠳᠡᠯ ᠤᠨ ᠴᠡᠭ ᠪᠤᠯᠭᠠᠵᠦ᠂ ᠳᠤᠳᠤᠭᠠᠳᠤ ᠶᠢ ᠬᠠᠮᠠᠭᠠᠯᠠᠬᠤ ᠠᠵᠢᠯ ᠤᠨ ᠶᠠᠰᠤ ᠴᠢᠨᠠᠷ ᠤᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠡᠯᠬᠡᠬᠦ ᠬᠦᠴᠦᠨ ᠤ ᠬᠤᠪᠢᠰᠤᠯᠳᠠ ᠶᠢ ᠪᠦᠬᠦ ᠳᠠᠯ᠎ᠠ ᠪᠠᠷ ᠠᠬᠢᠭᠤᠯᠬᠤ ᠬᠡᠷᠡᠭᠳᠡᠢ᠃ ᠡᠷᠬᠡᠪᠰᠢ ᠨᠡᠩ ᠤᠯᠠᠨ ᠨᠡᠩ ᠴᠢᠨᠠᠷ ᠰᠠᠶᠢᠳᠠᠢ ᠦᠢᠯᠡᠴᠢᠯᠡᠬᠡᠨ ᠤ ᠠᠷᠭ᠎ᠠ ᠬᠡᠮᠵᠢᠶ᠎ᠠ ᠶᠢ ᠠᠪᠴᠤ ᠪᠠᠶᠢᠭᠠᠳ᠂ ᠤᠯᠠᠨ ᠳᠦᠮᠡᠨ ᠤ ᠶᠠᠪᠤᠳᠠᠯ ᠪᠦᠳᠦᠬᠡᠬᠦ ᠳᠤ ᠬᠦᠴᠢᠷ ᠪᠠᠶᠢᠭ᠎ᠠ᠂ ᠶᠠᠪᠤᠳᠠᠯ ᠪᠦᠳᠦᠬᠡᠬᠦ ᠳᠤ ᠤᠳᠠᠭᠠᠨ ᠪᠠᠶᠢᠭ᠎ᠠ᠂ ᠨᠠᠭᠠᠰᠢ ᠴᠠᠭᠠᠰᠢ ᠤᠯᠠᠨ ᠬᠦᠶᠤᠵᠦ ᠪᠠᠶᠢᠭ᠎ᠠ᠂ ᠳᠦᠬᠦᠮ ᠳᠦᠳᠡ ᠦᠬᠡᠢ ᠪᠠᠶᠢᠭ᠎ᠠ ᠵᠡᠷᠬᠡ ᠳᠤᠪᠤᠶᠢᠮ᠎ᠠ ᠠᠰᠠᠭᠤᠳᠠᠯ ᠤᠳ ᠢ ᠰᠠᠶᠢᠳᠤᠷ ᠰᠢᠢᠳᠪᠤᠷᠢᠯᠡᠬᠦ ᠪᠠᠷ ᠬᠦᠴᠦᠯᠡᠵᠦ᠂ ᠠᠷᠠᠳ ᠤᠯᠠᠨ ᠳᠤ ᠨᠡᠩ ᠤᠯᠠᠨ ᠨᠡᠩ ᠰᠢᠭᠤᠳ ᠨᠡᠩ ᠪᠤᠳᠠᠳᠠᠢ ᠬᠦᠷᠳᠡᠮᠵᠢ ᠶᠢᠨ ᠳᠦᠷᠦᠭᠳᠡᠯ ᠦᠭᠬᠦ ᠬᠡᠷᠡᠭᠳᠡᠢ ᠬᠡᠵᠦ ᠵᠢᠭᠠᠵᠦ ᠭᠠᠷᠭᠠᠪᠠ᠃      ᠰᠢ ᠶᠢᠨ ᠫᠢᠩ᠂ ᠴᠠᠬᠳᠠᠭ᠎ᠠ ᠶᠢ ᠴᠢᠩᠭ᠎ᠠ ᠵᠠᠰᠠᠬᠤ ᠠᠵᠢᠯ ᠢ ᠴᠠᠬ ᠢᠮᠠᠬᠳᠠ ᠰᠤᠯᠠᠷᠠᠭᠤᠯᠤᠯ ᠦᠬᠡᠢ ᠴᠢᠩᠭ᠎ᠠ ᠠᠳᠬᠤᠬᠤ ᠭᠡᠷᠡᠭᠲᠡᠢ᠃ ᠡᠷᠬᠡᠪᠰᠢ ᠤᠯᠤᠰ ᠳᠦᠷᠦ ᠪᠠᠷ ᠴᠠᠬᠳᠠᠭ᠎ᠠ ᠪᠠᠶᠢᠭᠤᠯᠬᠤ᠂ ᠪᠦᠬᠦ ᠳᠠᠯ᠎ᠠ ᠪᠠᠷ ᠴᠠᠬᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠵᠦ᠂ ᠨᠢᠬᠡᠨ ᠰᠠᠯᠠᠭ᠎ᠠ ᠳᠡᠮᠤᠷ ᠮᠡᠳᠦ ᠪᠠᠳᠤ ᠪᠦᠬᠡ ᠬᠦᠰᠡᠯᠡᠩ ᠢᠳᠡᠬᠡᠯ ᠪᠢᠰᠢᠷᠡᠯ ᠲᠠᠢ ᠂ ᠳᠡᠮᠤᠷ ᠮᠡᠳᠦ ᠪᠠᠳᠤ ᠴᠢᠩᠭ᠎ᠠ ᠡᠬᠦᠷᠬᠡᠯᠡᠯ ᠬᠠᠷᠢᠭᠤᠴᠠᠯᠭ᠎ᠠ ᠲᠠᠢ᠂ ᠳᠡᠮᠤᠷ ᠮᠡᠳᠦ ᠴᠢᠩᠭ᠎ᠠ ᠬᠠᠳᠠᠭᠤ ᠡᠷᠳᠡᠮ ᠴᠢᠳᠠᠪᠤᠷᠢ ᠲᠠᠢ᠂ ᠳᠡᠮᠤᠷ ᠮᠡᠳᠦ ᠪᠠᠬᠢ ᠰᠠᠬᠢᠯᠭ᠎ᠠ ᠪᠠᠳᠤ ᠰᠤᠷᠳᠠᠯ ᠲᠠᠢ ᠳᠤᠳᠤᠭᠠᠳᠤ ᠶᠢ ᠬᠠᠮᠠᠭᠠᠯᠠᠬᠤ ᠳᠡᠮᠤᠷ ᠴᠡᠷᠢᠭ ᠢ ᠳᠠᠪᠳᠠᠨ ᠪᠤᠯᠪᠠᠰᠤᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠳᠡᠢ᠃ ᠡᠷᠬᠡᠪᠰᠢ ᠬᠦᠰᠡᠯᠡᠩ ᠢᠳᠡᠬᠡᠯ ᠪᠢᠰᠢᠷᠡᠯ ᠤᠨ ᠬᠦᠮᠦᠵᠢᠯ ᠢ ᠴᠠᠬᠳᠠᠭᠠᠨ ᠤ ᠰᠦᠭ ᠰᠦᠨᠡᠰᠦ ᠶᠢ ᠱᠤᠭᠤᠬᠤ᠂ ᠦᠨᠳᠦᠰᠤ ᠶᠢ ᠪᠠᠬᠢᠵᠢᠬᠦᠯᠦᠨ ᠰᠠᠭᠤᠷᠢ ᠶᠢ ᠪᠠᠳᠤᠳᠬᠠᠬᠤ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠪᠤᠯᠭᠠᠨ ᠪᠠᠶᠢᠩᠭᠤ ᠶᠢᠨ ᠴᠢᠨᠠᠷᠳᠠᠢ ᠪᠠᠷ ᠴᠦᠬᠦᠷᠡᠯᠳᠡ ᠦᠬᠡᠢ ᠴᠢᠩᠭ᠎ᠠ ᠠᠳᠬᠤᠵᠦ᠂ ᠶᠡᠷᠦ ᠶᠢᠨ ᠦᠶ᠎ᠠ ᠳᠤ ᠴᠢᠩᠭ᠎ᠠ ᠠᠳᠬᠤᠬᠤ᠂ ᠡᠳᠦᠷ ᠳᠤᠳᠤᠮ ᠳᠠᠭᠠᠨ ᠴᠢᠩᠭ᠎ᠠ ᠬᠠᠮᠢᠶᠠᠷᠬᠤ ᠶᠢ ᠪᠠᠷᠢᠮᠳᠠᠯᠠᠵᠦ ᠪᠠᠶᠢᠭᠠᠳ᠂ ᠪᠦᠬᠦ ᠴᠠᠬᠳᠠᠭ᠎ᠠ ᠶᠢ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠬᠡᠶᠢᠯᠡᠨ ᠬᠢᠴᠢᠶᠡᠬᠦ ᠦᠵᠡᠯᠳᠡ ᠲᠠᠢ᠂ ᠬᠤᠷᠢᠭ᠎ᠠ ᠱᠤᠭᠤᠮ ᠢ ᠰᠠᠬᠢᠬᠤ ᠦᠨᠳᠦᠷ ᠤᠬᠠᠮᠰᠠᠷ ᠲᠠᠢ ᠪᠤᠯᠭᠠᠨ ᠬᠦᠮᠦᠵᠢᠬᠦᠯᠬᠦ ᠬᠡᠷᠡᠭᠳᠡᠢ᠃ ᠰᠠᠬᠢᠯᠭ᠎ᠠ ᠪᠠᠳᠤ ᠬᠠᠤᠯᠢ ᠳᠦᠷᠢᠮ ᠠᠴᠠ ᠵᠦᠷᠢᠴᠡᠭᠰᠡᠨ ᠠᠰᠠᠭᠤᠳᠠᠯ ᠳᠤ᠂ ︽ᠦᠴᠦᠬᠡᠨ ᠴᠤ ᠦᠯᠦ ᠠᠭᠤᠴᠢᠯᠠᠬᠤ︾ ᠶᠢ ᠢᠮᠠᠬᠳᠠ ᠪᠠᠷᠢᠮᠳᠠᠯᠠᠵᠦ᠂ ︽ᠪᠠᠷᠰ︾ ︽ᠢᠯᠠᠭ᠎ᠠ︾ ᠬᠡᠵᠦ ᠢᠯᠭᠠᠬᠤ ᠦᠬᠡᠢ᠂ ᠬᠠᠷ᠎ᠠ ᠪᠦᠯᠦᠭᠳᠡᠨ ᠬᠠᠷᠬᠢᠰ ᠬᠦᠴᠤᠨ ᠵᠡᠷᠬᠡ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭᠠᠨ ᠤ ︽ᠬᠠᠮᠠᠭᠠᠯᠠᠬᠴᠢ ᠰᠢᠬᠦᠷ︾ ᠪᠠ ᠤᠯᠠᠨ ᠳᠦᠮᠡᠨ ᠤ ᠳᠡᠷᠬᠡᠳᠡᠬᠢ ︽ᠪᠢᠴᠢᠯ ᠢᠯᠵᠡᠷᠠᠯ︾ ᠬᠡᠵᠦ ᠬᠤᠪᠢᠶᠠᠬᠤ ᠦᠬᠡᠢ ᠪᠠᠷ ᠪᠦᠷ ᠰᠠᠬᠢᠯᠭ᠎ᠠ ᠪᠠᠳᠤ ᠬᠠᠤᠯᠢ ᠳᠦᠷᠢᠮ ᠶᠤᠰᠤᠭᠠᠷ ᠴᠢᠩᠭ᠎ᠠ ᠪᠠᠶᠢᠴᠠᠭᠠᠨ ᠰᠢᠢᠳᠬᠡᠬᠦ ᠬᠡᠷᠡᠭᠳᠡᠢ ᠬᠡᠵᠦ ᠴᠢᠬᠤᠯᠠᠴᠢᠯᠠᠪᠠ᠃      ᠰᠢ ᠶᠢᠨ ᠫᠢᠩ᠂ ᠡᠩᠬᠡ ᠲᠠᠶᠢᠪᠤᠩ ᠴᠠᠭ ᠦᠶ᠎ᠠ ᠳᠤ᠂ ᠳᠤᠲᠤᠭᠠᠳᠤ ᠶᠢ ᠬᠠᠮᠠᠭᠠᠯᠠᠬᠤ ᠡᠩᠨᠡᠭᠡ ᠪᠤᠯ ᠦᠷᠡᠭᠳᠡᠯ ᠬᠠᠮᠤᠭ ᠤᠨ ᠤᠯᠠᠨ᠂ ᠬᠤᠪᠢ ᠨᠡᠮᠡᠷᠢ ᠬᠠᠮᠤᠭ ᠤᠨ ᠶᠡᠭᠡ ᠨᠢᠭᠡᠨ ᠰᠠᠯᠠᠭ᠎ᠠ ᠡᠩᠨᠡᠭᠡ ᠪᠤᠯᠤᠨ᠎ᠠ᠃ ᠡᠨᠡ ᠰᠠᠯᠠᠭ᠎ᠠ ᠤᠨᠴᠠᠭᠠᠢ ᠡᠩᠨᠡᠭᠡ ᠳᠤ ᠤᠨᠴᠠᠭᠠᠢ ᠬᠠᠶᠢᠷ᠎ᠠ ᠬᠠᠯᠠᠮᠵᠢ ᠬᠦᠷᠲᠡᠭᠡᠵᠦ᠂ ᠤᠯᠤᠰ ᠲᠦᠷᠦ ᠳᠡᠭᠡᠷ᠎ᠠ ᠬᠠᠯᠠᠮᠵᠢᠯᠠᠨ᠂ ᠠᠵᠢᠯ ᠳᠡᠭᠡᠷ᠎ᠠ ᠳᠡᠮᠵᠢᠵᠦ᠂ ᠬᠦᠷᠲᠡᠭᠡᠮᠵᠢ ᠶᠢ ᠨᠢ ᠪᠠᠲᠤᠯᠠᠵᠤ᠂ ᠴᠠᠬᠳᠠᠭ᠎ᠠ ᠳᠤ ᠬᠠᠷᠠᠭᠠᠯᠵᠠᠯ ᠬᠦᠷᠲᠡᠭᠡᠬᠦ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠴᠠᠬᠳᠠᠭ᠎ᠠ ᠶᠢᠨ ᠢᠷᠠᠭᠤ ᠠᠯᠳᠠᠷ ᠤᠨ ᠳᠦᠷᠢᠮ ᠢ ᠲᠡᠭᠦᠯᠳᠡᠷᠵᠢᠭᠦᠯᠵᠦ᠂ ᠲᠡᠷᠢᠬᠦᠨ ᠤ ᠨᠡᠶᠢᠲᠡᠯᠢᠭ ᠵᠢᠱᠢᠶ᠎ᠠ ᠶᠢ ᠪᠤᠶᠢᠵᠢᠭᠤᠯᠬᠤ ᠪᠤᠯᠤᠨ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠳᠤᠲᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ ᠶᠢᠨ ᠠᠵᠢᠯ ᠲᠦᠷᠦᠯ ᠤᠨ ᠢᠷᠠᠭᠤ ᠠᠯᠳᠠᠷᠲᠤ ᠲᠦᠷᠦᠭᠳᠡᠯ᠂ ᠤᠮᠤᠭ ᠪᠠᠭ᠋ᠠᠳᠤᠯᠲᠤ ᠰᠡᠳᠭᠢᠯᠭᠡ᠂ ᠬᠠᠷᠢᠶᠠᠯᠠᠬᠳᠠᠬᠤᠢ ᠲᠦᠷᠦᠭᠳᠡᠯ ᠢ ᠨᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠠ ᠱᠠᠲᠤᠨ ᠤ ᠨᠠᠮ ᠤᠨ ᠬᠤᠷᠢᠶ᠎ᠠ ᠳᠤᠲᠤᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠳᠤᠲᠤᠭᠠᠳᠤ ᠶᠢ ᠬᠠᠮᠠᠭᠠᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠤᠰᠤᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠵᠦ᠂ ᠳᠤᠲᠤᠭᠠᠳᠤ ᠶᠢ ᠬᠠᠮᠠᠭᠠᠯᠠᠬᠤ ᠠᠵᠢᠯ ᠳᠤᠮᠳᠠ ᠲᠤᠯᠭᠠᠷᠠᠬᠰᠠᠨ ᠪᠤᠳᠠᠳᠤ ᠬᠦᠴᠢᠷᠳᠡᠯ ᠪᠤᠯᠤᠨ ᠠᠰᠠᠭᠤᠳᠠᠯ ᠶᠢ ᠬᠠᠪᠰᠤᠷᠤᠨ ᠰᠢᠢᠳᠪᠦᠷᠢᠯᠡᠵᠦ ᠦᠭᠴᠤ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠰᠠᠶᠢᠨ ᠰᠠᠶᠢᠬᠠᠨ ᠨᠦᠬᠦᠴᠡᠯ ᠢ ᠡᠭᠦᠳᠴᠦ ᠦᠭᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠱᠧᠩ ᠺᠦᠨ ᠳ᠋ᠦᠡᠭᠨᠡᠯᠲᠡ ᠶᠢᠨ ᠶᠠᠷᠢᠶ᠎ᠠ ᠳᠠᠭᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠭᠠᠢ ᠰᠤᠷᠤᠯᠴᠠᠨ ᠲᠤᠭᠤᠰᠢᠯᠠᠭᠤᠯᠵᠤ᠂ ᠳᠤᠲᠤᠭᠠᠳᠤ ᠶᠢ ᠬᠠᠮᠠᠭᠠᠯᠠᠬᠤ ᠠᠵᠢᠯ ᠤᠨ ᠤᠳᠤᠬᠢᠴᠢᠯᠠᠯᠲᠠ ᠪᠤᠯᠤᠨ ᠳᠤᠲᠤᠭᠠᠳᠤ ᠶᠢ ᠬᠠᠮᠠᠭᠠᠯᠠᠬᠤ ᠡᠩᠨᠡᠭᠡ ᠶᠢᠨ ᠬᠤᠪᠢᠰᠬᠠᠯᠵᠢᠯᠲᠡ ᠵᠢᠩᠬᠢᠨᠢᠵᠢᠯᠲᠡ ᠲᠤᠰᠬᠠᠶᠢᠵᠢᠯᠲᠠ ᠠᠵᠢᠯ ᠮᠡᠷᠭᠡᠰᠢᠵᠢᠯᠲᠡ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠪ ᠪᠤᠯᠪᠠᠰᠤᠷᠠᠯ ᠤᠷᠦ᠋ᠢᠯᠠᠬᠰᠠᠨ ᠳᠤᠲᠤᠭᠠᠳᠤ ᠶᠢ ᠬᠠᠮᠠᠭᠠᠯᠠᠬᠤ ᠢᠯᠠᠬᠳᠠᠰᠢ ᠦᠭᠡᠢ ᠴᠡᠷᠢᠭ ᠢ ᠴᠤᠬᠴᠠᠯᠠᠵᠤ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠶᠢ ᠪᠠᠷᠢᠮᠲᠠᠯᠠᠵᠤ᠂ ᠡᠷᠡᠰ ᠪᠠᠲᠤ ᠪᠠᠷ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠨ᠂ ᠨᠡᠶᠢᠭᠡᠮ ᠤᠨ ᠠᠮᠤᠷ ᠲᠤᠬᠲᠠᠭᠤᠨ ᠢ ᠬᠠᠮᠠᠭᠠᠯᠠᠵᠤ᠂ ᠠᠷᠠᠳ ᠲᠦᠮᠡᠨ ᠤ ᠠᠮᠤᠷ ᠲᠤᠬᠲᠠᠭᠤᠨ ᠠᠵᠤ ᠲᠦᠷᠦᠬᠦ ᠶᠢ ᠪᠠᠲᠤᠯᠠᠨ᠎ᠠ ᠭᠡᠵᠦ ᠢᠯᠡᠳᠭᠡᠪᠡ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠡᠭ ᠭᠡᠰᠢᠭᠦᠳ᠂ ᠲᠦᠷᠦ ᠶᠢᠨ ᠶᠠᠪᠤᠳᠠᠯ ᠤᠨ ᠬᠡᠰᠡᠭ ᠭᠡᠰᠢᠭᠦᠳ ᠬᠤᠷᠠᠯ ᠳᠤ ᠤᠷᠤᠯᠴᠠᠪᠠ᠃      ᠡᠯ᠎ᠠ ᠮᠤᠵᠢ ᠦᠪᠡᠷᠲᠡᠭᠡᠨ ᠵᠠᠰᠠᠬᠤ ᠤᠷᠤᠨ ᠰᠢᠭᠤᠳ ᠬᠠᠷᠢᠶ᠎ᠠ ᠬᠤᠲᠠ ᠪᠤᠯᠤᠨ ᠲᠤᠰᠠᠭᠠᠷ ᠲᠦᠯᠤᠪᠯᠡᠭᠡᠳᠤ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠡᠯ᠎ᠠ ᠮᠤᠵᠢ ᠶᠢᠨ ᠲᠦᠪ ᠬᠤᠲᠠ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠳᠠᠨ ᠨᠦᠬᠦᠳ ᠪᠤᠯᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠳᠤᠲᠤᠭᠠᠳᠤ ᠶᠢ ᠬᠠᠮᠠᠭᠠᠯᠠᠬᠤ ᠲᠢᠩᠬᠢᠮ ︵ᠲᠤᠪᠴᠢᠶ᠎ᠠ︶ ᠤᠨ ᠭᠤᠤᠯ ᠬᠠᠷᠢᠭᠤᠴᠠᠯᠭᠠᠲᠠᠨ ᠨᠦᠬᠦᠳ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠯᠪᠤᠬᠳᠠᠯ ᠪᠦᠬᠦᠢ ᠤᠯᠤᠰ ᠤᠨ ᠦᠮᠴᠢᠯᠡᠯ ᠤᠨ ᠲᠤᠮᠤ ᠬᠡᠯᠪᠡᠷᠢ ᠶᠢᠨ ᠠᠵᠤ ᠠᠬᠤᠶᠢᠯᠠᠯ᠂ ᠴᠡᠷᠢᠭ ᠠᠩᠭᠢ ᠶᠢᠨ ᠬᠤᠯᠪᠤᠬᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠦᠬᠦᠳ ᠬᠤᠷᠠᠯ ᠳᠤ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号