ᠣᠶᠢᠷ᠎ᠠ ᠶᠢᠨ ᠡᠳᠦᠷ ᠬᠤᠰᠢᠭᠤ ᠤᠳᠬ᠎ᠠ ᠤᠷᠠᠯᠢᠭ ᠤᠨ ᠬᠢᠨ ᠬᠤᠯᠪᠤᠭ᠎ᠠ᠂ ᠤᠯᠠᠭᠠᠨᠲᠣᠯᠤᠭᠠᠢ ᠪᠠᠯᠭᠠᠰᠤᠨ ᠤ | ᠴᠠᠭᠠᠨᠲᠠᠯᠠ ᠨᠡᠶᠢᠬᠡᠮ ᠲᠣᠭᠤᠷᠢᠭ ᠬᠠᠮᠳᠤᠷᠠᠨ ︽ᠬᠠᠶᠢᠷ᠎ᠠ ᠶᠢᠨ ᠴᠤᠤᠷᠢᠶ᠎ᠠ︾ 2019 ᠣᠨ ᠤ ᠡᠬᠡᠴᠤᠤᠯ ᠤᠨ | ᠪᠠᠶᠠᠷ ᠢ ᠪᠡᠯᠭᠡᠯᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠭᠤᠣᠯ ᠰᠡᠲᠦᠪᠲᠦ ᠠᠵᠢᠯᠯᠠᠭ᠎ᠠ | ᠦᠷᠨᠢᠭᠦᠯᠪᠡ᠃ | ᠠᠵᠢᠯᠯᠠᠭ᠎ᠠ ᠳᠤ᠂ ᠬᠤᠰᠢᠭᠤ ᠤᠳᠬ᠎ᠠ ᠤᠷᠠᠯᠢᠭ ᠤᠨ ᠬᠢᠨ ᠬᠤᠯᠪᠤᠭᠠᠨ ᠤ ᠠᠵᠢᠯᠲᠠᠳ 18 ᠭᠡᠷ ᠪᠦᠯᠢ ᠶᠢ | ᠵᠣᠬᠢᠶᠠᠨ ᠪᠠᠶᠢᠠᠭᠤᠯᠤᠨ ︽ᠡᠵᠢ ᠶᠢᠨ ᠭᠠᠷ︾᠂ ︽ᠡᠵᠢ ᠶᠢᠨ ᠪᠠᠷ᠎ᠠ︾᠂ ︽ᠡᠵᠢ ᠶᠢᠨ ᠲᠠᠭᠤ︾ ᠵᠡᠷᠭᠡ | ᠳᠣᠭᠯᠠᠭᠠᠮ ᠢ ᠳᠣᠭᠯᠠᠭᠤᠯᠵᠤ ᠳᠣᠭᠯᠠᠭᠠᠮ ᠨᠠᠭᠠᠳᠤᠮ ᠤᠨ ᠳᠤᠮᠳᠠ ᠠᠴᠠ ᠭᠡᠷ ᠪᠦᠯᠢ ᠶᠢᠨ ᠪᠠᠶᠠᠷ ᠵᠢᠷᠭᠠᠯ ᠢ | ᠮᠡᠳᠡᠷᠡᠭᠦᠯᠵᠦ ᠡᠵᠢ ᠪᠣᠯᠤᠨ ᠦᠷ᠎ᠡ ᠬᠡᠦᠬᠡᠳ ᠤᠨ ᠬᠤᠭᠤᠷᠤᠨᠳᠤᠬᠢ ᠬᠠᠷᠢᠴᠠᠭ᠎ᠠ ᠶᠢ ᠤᠯᠠᠮ ᠴᠢᠩᠭᠠᠳᠬᠠᠭᠰᠠᠨ | ᠪᠠᠶᠢᠨ᠎ᠠ᠃ ᠪᠠᠰᠠ ᠤᠷᠠᠯᠢᠭ ᠤᠨ ᠪᠦᠯᠬᠦᠮ ᠠᠴᠠ ︽ᠪᠠᠶᠠᠰᠬᠤᠯᠠᠩᠲᠤ ᠨᠠᠭᠠᠳᠤᠮ︾᠂ ︽ᠡᠵᠢ ᠮᠢᠨᠢ︾ ᠵᠡᠷᠭᠡ | ᠤᠷᠠᠨ ᠰᠠᠶᠢᠬᠠᠨ ᠤ ᠳᠣᠭᠯᠠᠯᠲᠠ ᠭᠠᠷᠭᠠᠨ ᠦᠵᠡᠭᠴᠢ ᠣᠯᠠᠨ ᠤ ᠬᠠᠷᠠᠭ᠎ᠠ ᠰᠣᠨᠣᠷ ᠢ ᠮᠢᠯᠢᠶᠠᠭᠰᠠᠨ ᠪᠠᠶᠢᠨ᠎ᠠ᠃ | ᠡᠵᠢ ᠪᠠᠨ ᠪᠠᠶᠠᠷᠯᠠᠭᠤᠯᠣᠨ ᠡᠷᠴᠢ ᠵᠣᠷᠢᠭ ᠢᠶᠠᠨ ᠭᠦᠭᠵᠢᠭᠡᠭᠰᠡᠨ ᠡᠶᠢᠮᠣᠷᠬᠦ ᠰᠠᠶᠢᠬᠠᠨ ᠠᠵᠢᠯᠯᠠᠭ᠎ᠠ ᠪᠠᠷ | ᠳᠠᠮᠵᠢᠨ ᠬᠦᠮᠦᠰ ᠲᠤ ᠬᠡᠷ ᠪᠦᠯᠢ ᠶᠢᠨ ᠬᠠᠯᠠᠭᠤᠨ ᠳᠤᠯᠠᠭᠠᠨ ᠢ ᠣᠶᠢᠯᠠᠭᠠᠭᠤᠯᠤᠨ ᠦᠷ᠎ᠡ ᠬᠡᠦᠬᠡᠳ ᠤᠨ ᠠᠪᠤ ᠡᠵᠢ | ᠪᠠᠨ ᠨᠡᠩ ᠰᠠᠶᠢᠨ ᠠᠴᠢᠯᠠᠨ ᠬᠦᠨᠳᠦᠯᠡᠬᠦ ᠶᠢ ᠤᠷᠢᠶᠠᠯᠠᠭᠰᠠᠨ ᠪᠠᠶᠢᠨ᠎ᠠ᠃ |