ᠤᠢᠢᠷ᠎ᠠ ᠶᠢᠨ ᠡᠳᠤᠷ᠂ ᠮᠠᠨ ᠤ ᠬᠤᠳᠠ ᠶᠢᠨ ᠲᠠᠪᠤᠨ ᠰᠠᠷ᠎ᠠ ᠶᠢᠨ ᠲᠥᠷᠪᠡᠨ ᠤ ᠬᠥᠳᠡᠯᠬᠡᠬᠡᠨ ᠤ ᠵᠠᠭᠤᠨ | ᠵᠢᠯ ᠤᠨ ᠤᠢ ᠶᠢ ᠲᠤᠷᠠᠰᠬᠠᠬᠤ ᠵᠢᠴᠢ ︽ᠲᠠᠪᠤᠨ ᠰᠠᠷ᠎ᠠ ᠶᠢᠨ ᠲᠥᠷᠪᠡᠨ︾ ᠤ ᠵᠠᠯᠠᠭᠤᠴᠤᠳ ᠤᠨ ᠪᠠᠶᠠᠷ ᠢ ᠪᠡᠯᠭᠡᠯᠡᠬᠦ | ᠰᠠᠶᠢᠰᠢᠶᠠᠨ ᠬᠥᠬᠢᠬᠦᠯᠬᠦ ᠬᠤᠷᠠᠯ ᠬᠤᠷᠠᠯᠳᠣᠯᠠ᠃ ᠬᠤᠳᠠ ᠶᠢᠨ ᠨᠠᠮ ᠤᠨ ᠬᠤᠷᠢᠶᠠᠨ ᠤ ᠱᠥᠵᠢ ᠨᠢᠥ ᠵᠢᠶᠥ᠋ᠨ ᠶᠠᠨ᠂ | ᠬᠤᠳᠠ ᠶᠢᠨ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠴᠢ᠊ | ᠪᠢᠰᠢᠷᠡᠯᠳᠤ᠂ ᠬᠤᠳᠠ ᠶᠢᠨ ᠤᠯᠤᠰ ᠲᠥ᠋ᠷᠥ ᠶᠢᠨ ᠵᠥᠪᠯᠡᠯᠬᠡᠨ ᠤ ᠲᠡᠷᠢᠬᠦᠯᠡᠭᠴᠢ ᠸᠠᠩ ᠵᠢᠶᠠᠨ ᠬᠥᠸᠧ᠂ ᠬᠤᠳᠠ ᠶᠢᠨ | ᠨᠠᠮ ᠤᠨ ᠬᠤᠷᠢᠶᠠᠨ ᠤ ᠲᠡᠳ᠋ ᠱᠥᠵᠢ᠂ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠥᠵᠢ | ᠢᠥᠢ ᠰᠢᠨ ᠹᠠᠨᠭ᠌᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ ᠯᠢᠥ ᠷᠥᠢ ᠵᠢᠶᠧ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ | ᠤᠬᠠᠭᠤᠯᠬᠤ ᠬᠡᠯᠳᠡᠰ ᠤᠨ ᠲᠠᠷᠤᠭ᠎ᠠ ᠰᠥ᠋ ᠼᠥᠢ ᠹᠠᠨᠭ᠌ ᠵᠡᠷᠬᠡ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃ | | | | | | | ᠰᠥ᠋ ᠼᠥᠢ ᠹᠠᠨᠭ᠌ ᠠᠴᠠ ᠨᠢᠦ ᠵᠢᠶᠥ᠋ᠨ ᠶᠠᠨ ᠱᠥᠵᠢ ᠶᠢᠨ ᠴᠢᠬᠤᠯᠠ ᠴᠤᠬᠤᠯᠠᠪᠤᠷᠢ ᠶᠢ ᠤᠡᠭᠰᠢᠨ ᠨᠡᠶᠢᠳᠡᠯᠡᠪᠡ᠃ | ᠴᠤᠬᠤᠯᠠᠪᠤᠷᠢ ᠳᠤ ᠵᠢᠭᠠᠵᠥ ᠭᠠᠷᠭᠠᠬᠤ ᠳᠠᠭᠠᠨ᠂ ᠤᠢᠢᠷ ᠡ ᠶᠢᠨ ᠵᠢᠯ ᠠᠴᠠ ᠨᠠᠭᠠᠰᠢ᠂ ᠪᠥᠬᠦ ᠬᠤᠳᠠ ᠶᠢᠨ ᠡᠪ | ᠬᠠᠮᠳᠤ ᠵᠠᠯᠠᠭᠤᠴᠤᠳ ᠤᠨ ᠡᠪᠯᠡᠯ ᠤᠨ ᠵᠤᠬᠢᠶᠠᠨ ᠪᠠᠶᠢᠭᠤᠯᠤᠯᠳᠡ ᠠᠴᠠ ᠰᠢ ᠶᠢᠨ ᠫᠢᠡᠭ ᠤᠨ ᠰᠢᠨ᠎ᠠ ᠴᠠᠭ ᠥᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ ᠶᠢ ᠬᠥᠨᠵᠡᠬᠡᠢ ᠲᠤᠭᠤᠰᠢᠯᠠᠭᠤᠯᠤᠨ᠂ | ᠲᠥᠪ ᠪᠠ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ | ᠰᠢᠢᠳᠪᠤᠷᠢᠳᠤ ᠪᠠᠶᠢᠷᠢᠯᠠᠭᠤᠯᠤᠯᠳᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠪᠥᠬᠦ ᠬᠤᠳᠠ ᠶᠢᠨ ᠥᠷᠬᠡᠨ ᠤᠯᠠᠨ | ᠡᠪᠯᠡᠯ ᠤᠨ ᠬᠡᠰᠢᠬᠦᠨ ᠵᠠᠯᠠᠭᠤᠴᠤᠳ ᠢ ᠪᠥᠯᠬᠦᠮᠳᠡᠨ ᠲᠠᠭᠠᠭᠤᠯᠵᠥ᠂ ᠪᠡᠯᠡᠳᠬᠡᠯ ᠬᠦᠴᠦᠨ ᠪᠠ ᠭᠠᠪᠰᠢᠭᠠᠢᠢᠯᠠᠭᠴᠢ | ᠠᠩᠬᠢ ᠶᠢᠨ ᠤᠢᠢᠯᠡᠳᠤᠯ ᠢ ᠬᠦᠢᠴᠡᠳ ᠪᠠᠳᠠᠷᠠᠭᠤᠯᠤᠨ᠂ ᠥᠵᠡᠯ ᠰᠠᠨᠠᠭ᠎ᠠ ᠤᠯᠤᠰ ᠲᠥᠷᠥ ᠶᠢᠨ ᠤᠳᠤᠷᠢᠳᠤᠮᠵᠢ ᠶᠢ | ᠴᠢᠩᠭᠠᠳᠬᠠᠬᠤ᠂ ᠪᠥᠬᠦ ᠬᠤᠳᠠ ᠶᠢᠨ ᠭᠤᠤᠯᠳᠠᠯᠭᠠᠳᠤ ᠠᠵᠢᠯ ᠳᠤ ᠤᠢᠢᠯᠡᠴᠢᠯᠡᠬᠦ᠂ ᠵᠠᠯᠠᠭᠤᠴᠤᠳ ᠤᠨ ᠥᠰᠥᠨ | ᠪᠤᠶᠢᠵᠢᠬᠤ᠂ ᠴᠢᠳᠠᠪᠤᠷᠢᠳᠠᠨ ᠪᠤᠯᠬᠤ ᠳᠤ ᠤᠢᠢᠯᠡᠴᠢᠯᠡᠬᠦ ᠵᠡᠷᠬᠡ ᠲᠠᠯ᠎ᠠ ᠪᠠᠷ ᠶᠡᠭᠡ ᠬᠡᠮᠵᠢᠶᠠᠨ ᠤ ᠪᠥᠳᠥᠮᠵᠢᠳᠠᠢ ᠠᠵᠢᠯ ᠢ | ᠬᠢᠵᠥ᠂ ᠪᠥᠬᠦ ᠬᠤᠳᠠ ᠶᠢᠨ ᠠᠵᠤ ᠠᠬᠤᠢ ᠨᠡᠶᠢᠬᠡᠮ ᠤᠨ ᠬᠥᠭᠵᠢᠯᠳᠡ ᠳᠤ ᠢᠳᠡᠪᠬᠢᠳᠠᠢ ᠬᠤᠪᠢ ᠨᠡᠮᠡᠷᠢ ᠪᠠᠨ | ᠥᠵᠡᠬᠦᠯᠵᠠᠢ᠃ ᠥᠷᠬᠡᠨ ᠤᠯᠠᠨ ᠡᠪᠯᠡᠯ ᠤᠨ ᠬᠡᠰᠢᠬᠦᠨ ᠵᠠᠯᠠᠭᠤᠴᠤᠳ ᠤᠬᠠᠮᠰᠠᠷ ᠠᠴᠠ ᠪᠠᠨ ᠬᠤᠪᠢ ᠶᠢᠨ | ᠴᠢᠷᠮᠠᠶᠢᠯᠭ᠎ᠠ ᠶᠢ ᠪᠥᠬᠦ ᠬᠤᠳᠠ ᠶᠢᠨ ᠬᠥᠭᠵᠢᠯᠳᠡ ᠶᠢᠨ ᠪᠠᠶᠢᠳᠠᠯ ᠲᠠᠢ ᠠᠭᠤᠰᠤᠯᠴᠠᠭᠤᠯᠵᠥ᠂ ᠡᠯ᠎ᠠ ᠠᠵᠢᠯ ᠲᠥᠷᠥᠯ᠂ | ᠡᠯ᠎ᠡ ᠹᠷᠤᠨᠲ ᠲᠤ ᠭᠠᠪᠰᠢᠭᠠᠢᠢᠯᠠᠨ᠂ ᠰᠢᠷᠭᠠᠭᠤ ᠠᠵᠢᠯᠯᠠᠨ ᠰᠢᠨ᠎ᠠ ᠶᠢ ᠡᠬᠦᠳᠴᠤ᠂ ᠪᠥᠬᠦ ᠬᠤᠳᠠ ᠶᠢᠨ ᠠᠵᠤ ᠠᠬᠤᠢ | ᠨᠡᠶᠢᠬᠡᠮ ᠤᠨ ᠴᠢᠨᠠᠷ ᠰᠠᠶᠢᠳᠠᠢ ᠬᠥᠭᠵᠢᠯᠳᠡ ᠳᠤ ᠵᠠᠯᠠᠭᠤ ᠨᠠᠰᠤᠨ ᠤ ᠬᠥᠴᠥ ᠬᠥᠯᠥᠰᠤ᠂ ᠬᠥᠴᠥᠨ ᠴᠢᠳᠠᠯ ᠢᠶᠠᠨ | ᠡᠷᠬᠦᠵᠡᠢ ᠭᠡᠰᠡᠨ ᠪᠠᠶᠢᠨ᠎ᠠ᠃ | | | | | | | ᠴᠤᠬᠤᠯᠠᠪᠤᠷᠢ ᠳᠤ ᠴᠢᠬᠤᠯᠠᠴᠢᠯᠠᠬᠤ ᠳᠠᠭᠠᠨ᠂ ᠵᠠᠯᠠᠭᠤᠴᠤᠳ ᠪᠤᠯ ᠪᠥᠬᠦ ᠨᠡᠶᠢᠬᠡᠮ ᠤᠨ ᠬᠥᠴᠥᠨ ᠤ ᠳᠤᠮᠳᠠᠬᠢ | ᠬᠠᠮᠤᠭ ᠠᠴᠠ ᠢᠳᠡᠪᠬᠢᠳᠠᠢ᠂ ᠬᠠᠮᠤᠭ ᠠᠴᠠ ᠠᠮᠢᠵᠢᠷᠠᠯ ᠲᠠᠢ ᠬᠥᠴᠥᠨ ᠪᠤᠯᠤᠨ᠎ᠠ᠃ ᠤᠳᠤᠬᠠᠨ ᠳᠤ ᠮᠠᠨ ᠤ ᠬᠤᠳᠠ | ᠴᠢᠨᠠᠷ ᠰᠠᠶᠢᠳᠠᠢ ᠬᠥᠭᠵᠢᠯᠳᠠ ᠶᠢ ᠠᠬᠢᠭᠤᠯᠬᠤ᠂ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠬᠦᠯᠬᠦ | ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠵᠥ᠂ ᠪᠥᠬᠦ ᠬᠤᠳᠠ ᠶᠢᠨ ᠡᠯ᠎ᠡ ᠱᠠᠳᠤᠨ ᠤ ᠡᠪᠯᠡᠯ ᠤᠨ ᠵᠤᠬᠢᠶᠠᠨ | ᠪᠠᠶᠢᠭᠤᠯᠤᠯᠳᠡ ᠶᠡᠷᠤᠩᠬᠡᠢ ᠱᠥᠵᠢ ᠰᠢ ᠶᠢᠨ ᠫᠢᠡᠭ ᠤᠨ ᠲᠠᠪᠤᠨ ᠰᠠᠷ᠎ᠠ ᠶᠢᠨ ᠲᠥᠷᠪᠡᠨ ᠤ ᠬᠥᠳᠡᠯᠬᠡᠬᠡᠨ ᠤ 100 | ᠵᠢᠯ ᠤᠨ ᠤᠢ ᠶᠢ ᠲᠤᠷᠠᠰᠠᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠥ᠂ ᠥᠷᠬᠡᠨ ᠤᠯᠠᠨ ᠡᠪᠯᠡᠯ ᠤᠨ ᠬᠡᠰᠢᠬᠦᠨ ᠵᠠᠯᠠᠭᠤᠴᠤᠳ ᠢ ᠲᠠᠶᠢᠴᠢᠯᠠᠨ ᠲᠠᠭᠠᠭᠤᠯᠵᠥ᠂ ︽ | ᠲᠥᠷᠪᠡᠨ ᠤᠬᠠᠮᠰᠠᠷ︾ ᠢ ᠪᠤᠢ ᠪᠤᠯᠭᠠᠵᠤ᠂ ︽ᠲᠥᠷᠪᠡᠨ ᠢᠳᠡᠬᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ | ᠶᠢ ᠪᠡᠶᠡᠯᠡᠬᠦᠯᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠤᠨᠤᠰᠤᠨ ᠨᠠᠮ ᠢᠶᠠᠨ ᠳᠠᠭᠠᠵᠤ᠂ ᠲᠥᠪ᠂ | ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠵᠠᠯᠠᠭᠤᠴᠤᠳ ᠤᠨ | ᠠᠵᠢᠯ ᠤᠨ ᠲᠤᠬᠠᠢ ᠡᠯ᠎ᠡ ᠲᠥᠷᠥᠯ ᠤᠨ ᠰᠢᠢᠳᠪᠤᠷᠢᠳᠤ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ | ᠵᠠᠯᠠᠭᠤᠴᠤᠳ ᠢ ᠤᠳᠤᠷᠢᠳᠤᠨ ᠲᠠᠭᠠᠭᠤᠯᠵᠥ᠂ ᠵᠠᠯᠠᠭᠤᠴᠤᠳ ᠢ ᠵᠤᠬᠢᠶᠠᠨ ᠪᠠᠶᠢᠭᠤᠯᠤᠨ ᠲᠠᠶᠢᠴᠢᠯᠠᠵᠥ᠂ | ᠵᠠᠯᠠᠭᠤᠴᠤᠳ ᠲᠠᠢ ᠬᠠᠷᠢᠯᠴᠠᠵᠤ ᠦᠢᠯᠡᠴᠢᠯᠡᠬᠦ ᠳᠡᠥᠬᠡᠳᠦ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠤ᠂ ᠨᠠᠮ ᠤᠨ | ᠵᠠᠯᠠᠭᠤᠴᠤᠳ ᠤᠨ ᠰᠠᠭᠤᠷᠢ ᠶᠢ ᠲᠠᠰᠤᠷᠠᠯᠳᠡ ᠥᠬᠡᠢ ᠪᠠᠬᠢᠵᠢᠬᠦᠯᠦᠨ ᠦᠷᠭᠡᠳᠬᠡᠬᠦ ᠬᠡᠷᠡᠭᠳᠡᠢ᠃ ᠥᠷᠬᠡᠨ ᠤᠯᠠᠨ | ᠡᠪᠯᠡᠯ ᠤᠨ ᠬᠡᠰᠢᠬᠦᠨ ᠵᠠᠯᠠᠭᠤᠴᠤᠳ ᠴᠠᠭ ᠥᠶ᠎ᠡ ᠶᠢᠨ ᠬᠥᠨᠳᠤ ᠡᠬᠦᠷᠬᠡ ᠶᠢ ᠡᠬᠦᠷᠬᠡᠯᠡᠨ᠂ ᠰᠢᠷᠭᠠᠭᠤ ᠬᠠᠳᠠᠭᠤᠵᠢᠯᠳᠠᠢ | ᠲᠡᠮᠡᠴᠡᠨ᠂ ᠴᠠᠭ ᠥᠶ᠎ᠡ ᠶᠢᠨ ᠲᠡᠷᠢᠬᠦᠨ ᠤ ᠡᠩᠨᠡᠭᠡ ᠶᠢᠨ ᠭᠠᠪᠰᠢᠭᠠᠢᠢᠯᠠᠭᠴᠢ᠂ ᠬᠤᠰᠢᠭᠤᠴᠢ᠂ ᠬᠠᠨᠳᠢᠪᠯᠠᠭᠴᠢ | ᠪᠤᠯᠬᠤ ᠪᠠᠷ ᠴᠢᠷᠮᠠᠶᠢᠵᠤ᠂ ᠰᠢᠨ᠎ᠠ ᠤᠨᠤᠯᠵᠢᠭᠤᠨ ᠢ ᠨᠠᠶᠢᠳᠠᠪᠤᠷᠢᠵᠢᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠰᠠᠶᠢᠳᠤᠷ ᠬᠢᠬᠦ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ ᠵᠡᠷᠬᠡ | ᠥᠬᠡᠷᠡᠴᠢᠯᠡᠯᠳᠡ ᠬᠥᠭᠵᠢᠯᠳᠡ ᠶᠢᠨ ᠤᠢᠢᠯᠡᠳᠤᠯᠬᠡ ᠲᠤᠮᠳᠠ ᠤᠶᠤᠨ ᠤᠬᠠᠭᠠᠨ ᠪᠠ ᠬᠥᠴᠥᠨ ᠴᠢᠳᠠᠯ ᠢᠶᠠᠨ ᠡᠷᠬᠦᠵᠥ᠂ | ᠤᠷᠳᠤᠰ ᠨᠤᠲᠤᠭ ᠤᠨ ᠬᠠᠯᠠᠭᠤᠨ ᠬᠦᠷᠦᠰᠦᠨ ᠳᠤ ᠵᠠᠯᠠᠭᠤ ᠨᠠᠰᠤᠨ ᠤ ᠭᠡᠷᠡᠯ ᠬᠢᠯᠪᠠᠭ᠎ᠠ ᠪᠠᠨ ᠰᠠᠴᠤᠷᠠᠭᠤᠯᠬᠤ | ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠠᠯᠠᠭᠤᠴᠤᠳ ᠤᠨ ᠠᠵᠢᠯ ᠤᠨ | ᠤᠳᠤᠷᠢᠳᠤᠯᠭ᠎ᠠ ᠪᠠᠨ ᠤᠯᠠᠮ ᠨᠢᠬᠡ ᠠᠯᠬᠤᠮ ᠴᠢᠩᠭᠠᠳᠬᠠᠨ᠂ ᠵᠠᠯᠠᠭᠤᠴᠤᠳ ᠤᠨ ᠠᠵᠢᠯ ᠲᠤᠮᠳᠠᠬᠢ ᠴᠢᠬᠤᠯᠠ ᠶᠡᠭᠡ | ᠠᠰᠠᠭᠤᠳᠠᠯ ᠪᠠ ᠪᠤᠳᠠᠳᠤ ᠬᠥᠴᠢᠷᠳᠡᠯ ᠢ ᠬᠢᠨᠠᠮᠠᠭᠠᠢ ᠰᠤᠳᠤᠯᠤᠨ ᠰᠢᠢᠳᠪᠤᠷᠢᠯᠡᠵᠥ᠂ ᠡᠪᠯᠡᠯ ᠤᠨ ᠵᠤᠬᠢᠶᠠᠨ | ᠪᠠᠶᠢᠭᠤᠯᠤᠯᠳᠡ ᠶᠢᠨ ᠠᠵᠢᠯ ᠳᠤ ᠰᠢᠯᠢᠳᠡᠭ ᠤᠷᠴᠢᠨ ᠪᠠ ᠨᠥᠬᠦᠴᠡᠯ ᠢ ᠪᠤᠢ ᠪᠤᠯᠭᠠᠨ᠂ ᠵᠠᠯᠠᠭᠤᠴᠤᠳ ᠢ ᠢᠳᠡᠬᠡᠵᠤ᠂ | ᠵᠠᠯᠠᠭᠤᠴᠤᠳ ᠢ ᠬᠠᠯᠠᠮᠵᠢᠯᠠᠨ᠂ ᠵᠠᠯᠠᠭᠤᠴᠤᠳ ᠢ ᠴᠢᠩᠭ᠎ᠠ ᠱᠠᠭᠠᠷᠳᠠᠵᠤ᠂ ᠵᠠᠯᠠᠭᠤᠴᠤᠳ ᠤᠨ ᠬᠥᠰᠡᠯ ᠱᠠᠭᠠᠷᠳᠠᠯᠭ᠎ᠠ ᠶᠢ | ᠠᠩᠬᠠᠷᠴᠤ᠂ ᠵᠠᠯᠠᠭᠤᠴᠤᠳ ᠤᠨ ᠬᠥᠭᠵᠢᠯᠳᠡ ᠶᠢ ᠬᠠᠪᠰᠤᠷᠤᠨ᠂ ᠵᠠᠯᠠᠭᠤᠴᠤᠳ ᠤᠨ ᠤᠢᠢᠯᠡᠰ ᠪᠤᠰᠬᠠᠬᠤ ᠶᠢ | ᠲᠡᠮᠵᠢᠵᠥ᠂ ᠵᠠᠯᠠᠭᠤᠴᠤᠳ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠢ ᠬᠠᠯᠠᠮᠵᠢᠯᠠᠭᠴᠢ᠂ | ᠵᠠᠯᠠᠭᠤᠴᠤᠳ ᠤᠨ ᠲᠠᠭᠠᠭᠤᠯᠤᠭᠴᠢ ᠪᠤᠯᠬᠤ ᠬᠡᠷᠡᠭᠳᠡᠢ ᠬᠡᠵᠡᠢ᠃ | | | | | | | ᠢᠥᠢ ᠰᠢᠨ ᠹᠠᠨᠭ᠌ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ | ᠵᠠᠰᠠᠭ ᠤᠨ ᠤᠷᠳᠤᠨ᠂ ᠤᠯᠤᠰ ᠲᠥᠷᠥ ᠶᠢᠨ ᠵᠥᠪᠯᠡᠯᠬᠡᠨ ᠢ ᠲᠥᠯᠥᠬᠡᠯᠡᠵᠥ ᠪᠥᠬᠦ ᠬᠤᠳᠠ ᠶᠢᠨ ᠡᠯ᠎ᠡ | ᠥᠨᠳᠤᠰᠤᠳᠡᠨ ᠤ ᠵᠠᠯᠠᠭᠤᠴᠤᠳ ᠲᠤ ᠪᠠᠶᠠᠷ ᠤᠨ ᠡᠳᠤᠷ ᠤᠨ ᠮᠡᠨᠳᠤᠴᠢᠯᠡᠯ ᠲᠡᠪᠰᠢᠭᠦᠯᠥᠭᠰᠡᠨ ᠪᠠᠶᠢᠨ᠎ᠠ᠃ ᠲᠡᠷᠡ | ᠶᠠᠷᠢᠶᠠᠨ ᠳᠠᠭᠠᠨ᠂ ᠰᠢᠨ᠎ᠠ ᠴᠠᠭ ᠥᠶ᠎ᠡ ᠳᠤ ᠤᠳᠤ ᠥᠶ᠎ᠡ ᠶᠢᠨ ᠵᠠᠯᠠᠭᠤᠴᠤᠳ ᠲᠠᠪᠤᠨ ᠰᠠᠷ᠎ᠠ ᠶᠢᠨ ᠲᠥᠷᠪᠡᠨ ᠤ | ᠬᠥᠳᠡᠯᠬᠡᠬᠡᠨ ᠢ ᠬᠠᠮᠤᠭ ᠰᠠᠶᠢᠨ ᠢᠶᠠᠷ ᠲᠤᠷᠠᠰᠬᠠᠬᠤ ᠨᠢ ᠨᠠᠮ ᠤᠨ ᠤᠳᠤᠷᠢᠳᠤᠯᠭ᠎ᠠ ᠲᠤᠤᠷ᠎ᠠ᠂ ᠴᠠᠭ ᠥᠶ᠎ᠡ ᠶᠢᠨ | ᠲᠡᠷᠢᠬᠦᠨ ᠤ ᠡ᠊ᠡᠭᠨᠡᠭᠡ ᠳᠤ ᠭᠠᠪᠰᠢᠭᠠᠢᠢᠯᠠᠭᠴᠢ᠂ ᠬᠤᠰᠢᠭᠤᠴᠢ᠂ ᠬᠠᠨᠳᠢᠪᠯᠠᠭᠴᠢ ᠪᠤᠯᠬᠤ ᠶᠠᠪᠤᠳᠠᠯ ᠪᠤᠯᠤᠨ᠎ᠠ᠃ | ᠬᠤᠳᠠ ᠶᠢᠨ ᠨᠠᠮ ᠤᠨ ᠬᠤᠷᠢᠶ᠎ᠠ ᠠᠴᠠ ᠬᠥᠰᠡᠬᠦ ᠨᠢ ᠪᠥᠬᠦ ᠬᠤᠳᠠ ᠶᠢᠨ ᠥᠷᠬᠡᠨ ᠤᠯᠠᠨ ᠵᠠᠯᠠᠭᠤᠴᠤᠳ ᠠᠯᠤᠰ | ᠬᠡᠳᠤ ᠶᠢᠨ ᠬᠥᠰᠡᠯ ᠵᠤᠷᠢᠯᠳᠡ ᠲᠠᠢ᠂ ᠰᠢᠨ᠎ᠠ ᠴᠠᠭ ᠥᠶ᠎ᠡ ᠶᠢᠨ ᠲᠡᠮᠡᠤᠯᠤᠯ ᠲᠠᠢ ᠵᠠᠯᠠᠭᠤᠴᠤᠳ ᠪᠤᠯᠵᠥ᠂ ᠴᠢᠷᠮᠠᠶᠢᠨ | ᠰᠤᠷᠤᠯᠴᠠᠵᠥ ᠬᠠᠳᠠᠭᠤᠵᠢᠯᠳᠠᠢ ᠪᠤᠯᠪᠠᠰᠤᠷᠠᠨ᠂ ᠴᠢᠳᠠᠪᠤᠷᠢ ᠪᠠᠨ ᠨᠡᠮᠡᠭᠳᠡᠬᠦᠯᠵᠥ᠂ ᠰᠢᠨ᠎ᠠ ᠴᠠᠭ ᠥᠶ᠎ᠡ ᠶᠢᠨ | ᠴᠢᠳᠠᠪᠤᠷᠢᠳᠠᠨ ᠪᠤᠯᠬᠤ ᠪᠠᠷ ᠴᠢᠷᠮᠠᠶᠢᠨ᠂ ᠵᠤᠷᠢᠭᠳᠠᠢ ᠡᠬᠦᠷᠬᠡᠯᠡᠨ ᠮᠠᠷᠠᠶᠢᠨ ᠤᠷᠤᠭᠰᠢᠯᠠᠵᠥ᠂ ᠰᠢᠨ᠎ᠠ ᠴᠠᠭ ᠥᠶ᠎ᠡ ᠶᠢᠨ | ᠤᠷᠤᠯᠳᠤᠯᠭ᠎ᠠ ᠲᠠᠢ ᠵᠠᠯᠠᠭᠤᠴᠤᠳ ᠪᠤᠯᠵᠥ᠂ ᠬᠡᠪ ᠴᠢᠨᠠᠷ ᠢᠶᠠᠨ ᠬᠠᠳᠠᠭᠤᠵᠢᠭᠤᠯᠤᠨ᠂ ᠵᠤᠷᠢᠭ ᠰᠥᠰᠥ ᠪᠠᠨ ᠲᠠᠪᠳᠠᠵᠥ | ᠂ ᠰᠢᠨ᠎ᠠ ᠴᠠᠭ ᠥᠶ᠎ᠡ ᠶᠢᠨ ᠪᠤᠯᠪᠠᠰᠤᠨ ᠵᠠᠯᠠᠭᠤᠴᠤᠳ ᠪᠤᠯᠵᠥ᠂ ᠰᠠᠶᠢᠰᠢᠶᠠᠯ ᠬᠥᠬᠢᠬᠦᠯᠤᠯ ᠬᠥᠷᠳᠡᠭᠰᠡᠨ ᠲᠡᠷᠢᠬᠦᠨ ᠤ | ᠬᠥᠮᠥᠰ ᠠᠴᠠ ᠲᠠᠭᠠᠨ ᠰᠤᠷᠤᠯᠴᠠᠨ᠂ ᠲᠠᠪᠤᠨ ᠰᠠᠷ ᠠ ᠶᠢᠨ ᠲᠥᠷᠪᠡᠨ ᠤ ᠵᠤᠷᠢᠭ ᠰᠠᠨᠠᠭ᠎ᠠ ᠶᠢ ᠥᠷᠬᠦᠯᠵᠢᠯᠡᠨ | ᠪᠠᠳᠠᠷᠠᠭᠤᠯᠵᠥ᠂ ᠳᠡᠥᠬᠡᠳᠦ ᠡᠬᠦᠷᠬᠡ ᠶᠢ ᠡᠬᠦᠷᠬᠡᠯᠡᠨ᠂ ᠤᠷᠳᠤᠰ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ | ᠰᠢᠨ᠎ᠠ ᠠᠶᠠᠨ ᠳᠤ ᠵᠠᠯᠠᠭᠤ ᠨᠠᠰᠤᠨ ᠳᠠᠭᠠᠨ ᠤᠰᠤᠯᠳᠠᠬᠤ ᠥᠬᠡᠢ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠬᠦ | ᠬᠡᠷᠡᠭᠳᠡᠢ ᠬᠡᠵᠡᠢ᠃ | | | | | | | ᠬᠤᠷᠠᠯ ᠠᠴᠠ ᠳ᠋ᠥ᠋ᠩᠱᠸᠡᠭ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠯᠪᠠᠨ | ᠵᠠᠭᠠᠯᠳᠤᠯᠭ᠎ᠠ ᠶᠢᠨ ᠬᠡᠯᠳᠡᠰ ᠵᠡᠷᠬᠡ 10 ᠵᠠᠯᠠᠭᠤᠴᠤᠳ ᠤᠨ ᠬᠠᠮᠳᠤ ᠨᠢᠬᠡᠴᠢ ᠳᠤ ︽ᠤᠷᠳᠤᠰ ᠤᠨ ᠵᠠᠯᠠᠭᠤᠴᠤᠳ ᠤᠨ | ᠲᠠᠪᠤᠨ ᠰᠠᠷ ᠠ ᠶᠢᠨ ᠲᠥᠷᠪᠡᠨ ᠤ ᠮᠧᠳᠠᠯ ︵ᠬᠠᠮᠳᠤ ᠨᠢᠬᠡᠴᠢ︶︾ ᠤᠨ ᠢᠷᠠᠭᠤ ᠠᠯᠳᠠᠷ ᠢ ᠤᠯᠭᠤᠵᠥ᠂ ᠸᠠᠩ ᠸᠧᠢ | ᠵᠡᠷᠬᠡ 10 ᠨᠡᠷ᠎ᠠ ᠵᠠᠯᠠᠭᠤᠴᠤᠳ ᠲᠤ ︽ᠤᠷᠳᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠲᠥᠷᠪᠡᠨ ᠤ ᠮᠧᠳᠠᠯ | ︵ᠬᠤᠪᠢ ᠬᠥᠮᠤᠨ︶︾ ᠤᠨ ᠢᠷᠠᠭᠤ ᠠᠯᠳᠠᠷ ᠢ ᠤᠯᠭᠤᠵᠠᠢ᠃ ᠬᠤᠷᠠᠯ ᠠᠴᠠ ᠪᠠᠰᠠ ︽ᠤᠷᠳᠤᠰ ᠬᠤᠳᠠ ᠶᠢᠨ | 2019 ᠤᠨ ᠤ ᠰᠢᠯᠢᠳᠡᠭ ᠵᠠᠯᠠᠭᠤᠴᠤᠳ ᠤᠨ ᠪᠤᠯᠪᠠᠰᠤᠨ ᠨᠡᠷᠡᠮᠵᠢᠳᠦ︾᠂ ︽ᠤᠷᠳᠤᠰ ᠬᠤᠳᠠ ᠶᠢᠨ 2018 | ᠤᠨ ᠤ ᠮᠠᠯᠵᠢᠬᠤ ᠲᠠᠷᠢᠶᠠᠯᠠᠬᠤ ᠤᠷᠤᠨ ᠤ ᠪᠠᠶᠠᠵᠢᠯ ᠤᠨ ᠵᠠᠯᠠᠭᠤ ᠲᠠᠭᠠᠭᠤᠯᠤᠭᠴᠢ︾᠂ ︽ᠤᠷᠳᠤᠰ ᠬᠤᠳᠠ ᠶᠢᠨ | 2018 ᠤᠨ ᠤ ᠪᠠᠶᠠᠵᠢᠯ ᠤᠨ ᠲᠠᠭᠠᠭᠤᠯᠤᠭᠴᠢ ᠶᠢᠨ ᠵᠠᠯᠠᠭᠤ ᠵᠢᠱᠢᠶᠡᠴᠢ︾᠂ ︽ᠪᠥᠬᠦ ᠬᠤᠳᠠ ᠶᠢᠨ ᠲᠠᠪᠤᠨ ᠰᠠᠷ | ᠠ ᠶᠢᠨ ᠲᠥᠷᠪᠡᠨ ᠤ ᠤᠯᠠᠭᠠᠨ ᠲᠤᠭᠴᠢ ᠡᠪᠯᠡᠯ ᠤᠨ ᠬᠤᠷᠢᠶ᠎ᠠ︾᠂ ︽ᠪᠥᠬᠦ ᠬᠤᠳᠠ ᠶᠢᠨ ᠰᠢᠯᠢᠳᠡᠭ ᠡᠪ ᠬᠠᠮᠳᠤ | ᠵᠠᠯᠠᠭᠤᠴᠤᠳ ᠤᠨ ᠡᠪᠯᠡᠯ ᠤᠨ ᠬᠡᠰᠢᠬᠦᠨ︾ ᠵᠡᠷᠬᠡ ᠱᠠᠩᠨᠠᠯ ᠬᠥᠬᠢᠬᠦᠯᠤᠯ ᠢ ᠤᠯᠭᠤᠵᠠᠢ᠃ | |