4 ᠰᠠᠷ᠎ᠠ ᠶᠢᠨ 29 ᠤ ᠡᠳᠦᠷ ᠡᠪ ᠬᠠᠮᠲᠤ ᠵᠠᠯᠠᠭᠤᠴᠤᠳ ᠤᠨ ᠦᠤᠰᠢᠨ ᠬᠤᠰᠢᠭᠤᠨ ᠤ ᠬᠤᠷᠢᠶ᠎ᠠ ᠠᠴᠠ | ᠡᠷᠬᠢᠯᠡᠭᠰᠡᠨ ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠨ ︽ᠲᠠᠪᠤᠨ ᠰᠠᠷ᠎ᠠ ᠶᠢᠨ ᠲᠦᠷᠪᠡᠨ︾ ᠤ ᠬᠦᠳᠡᠯᠭᠡᠭᠡᠨ ᠤ 100 ᠵᠢᠯ ᠤᠨ ᠤᠢ ᠶᠢ ᠲᠤᠷᠠᠰᠬᠠᠬᠤ ᠵᠢᠴᠢ ︽ | ᠤᠷᠢ ᠵᠠᠯᠠᠭᠤ ᠨᠠᠰᠤ ᠪᠠᠨ ᠡᠪ ᠬᠠᠮᠲᠤ ᠨᠠᠮ ᠳᠤ ᠪᠠᠨ ᠵᠤᠷᠢᠭᠤᠯᠵᠤ ᠰᠢᠨ᠎ᠡ ᠴᠠᠭ ᠦᠶ᠎ᠠ ᠳᠤ ᠪᠠᠨ ᠭᠠᠪᠢᠶ᠎ᠠ ᠵᠢᠳᠬᠦᠯ | ᠦᠵᠡᠬᠦᠯᠤᠶ᠎ᠠ︾ ᠭᠤᠤᠯ ᠰᠡᠲᠦᠪᠲᠤ ᠤᠷᠠᠨ ᠰᠠᠶᠢᠬᠠᠨ ᠤ ᠦᠳᠡᠰᠢᠯᠡᠭᠡ ᠬᠤᠰᠢᠭᠤ ᠰᠤᠶᠤᠯ ᠤᠨ ᠤᠷᠳᠤᠨ ᠳᠤ | ᠠᠮᠵᠢᠯᠲᠠ ᠲᠠᠢ ᠶᠠᠪᠤᠭᠳᠠᠪᠠ᠃ ᠬᠤᠰᠢᠭᠤ ᠤᠳᠤᠷᠢᠳᠤᠯᠭ᠎ᠠ ᠰᠤᠷᠭᠠᠯᠲᠤ᠂ ᠰᠤ᠋ ᠰᠢᠨ ᠹᠠ᠂ ᠹᠧᠩ ᡁᠢ ᠮᠢᠩ᠂ ᠸᠠᠩ | ᠵᠢᠷᠭᠠᠯ᠂ ᠪᠠᠶᠠᠨᠴᠢᠮᠡᠭ ᠦᠳᠡᠰᠢᠯᠡᠭᠡ ᠳᠤ ᠰᠠᠭᠠᠳᠠᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠠᠵᠢᠯᠴᠢᠨ ᠤ ᠶᠡᠷᠦᠩᠬᠡᠢ ᠡᠪᠯᠡᠯ᠂ ᠡᠮᠡᠭᠳᠡᠶᠢᠴᠤᠳ ᠤᠨ ᠬᠤᠯᠪᠤᠭᠠᠲᠤ ᠬᠤᠷᠠᠯ᠂ ᠬᠤᠰᠢᠭᠤ ᠰᠤᠷᠭᠠᠨ ᠬᠦᠮᠦᠵᠢᠯ ᠪᠡᠶ᠎ᠡ | ᠲᠠᠮᠢᠷ ᠤᠨ ᠲᠤᠪᠴᠢᠶ᠎ᠠ᠂ ᠰᠤᠶᠤᠯ ᠪᠠ ᠵᠢᠭᠤᠯᠴᠢᠯᠠᠯ ᠤᠨ ᠲᠤᠪᠴᠢᠶ᠎ᠠ᠂ ᠡᠯ᠎ᠡ ᠲᠤᠮᠳᠠᠲᠤ ᠪᠠᠭ᠎ᠠ ᠰᠤᠷᠭᠠᠭᠤᠯᠢ ᠶᠢᠨ | ᠭᠤᠤᠯ ᠬᠠᠷᠢᠭᠤᠴᠠᠯᠭᠠᠲᠠᠨ ᠵᠢᠴᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠵᠠᠯᠠᠭᠤᠴᠤᠳ ᠤᠨ ᠲᠦᠯᠦᠭᠡᠯᠡᠭᠴᠢ | 400 ᠭᠠᠷᠤᠢ ᠬᠦᠮᠦᠨ ᠦᠳᠡᠰᠢᠯᠡᠭᠡ ᠶᠢ ᠰᠤᠨᠢᠷᠬᠠᠵᠤ ᠲᠤᠭᠯᠠᠯᠲᠠ ᠶᠢ ᠲᠤᠬᠠᠢ ᠶᠢᠨ ᠲᠠᠯᠠᠪᠤᠷ ᠪᠠ ᠰᠦᠯᠵᠢᠶ᠎ᠠ ᠪᠠᠷ | ᠰᠢᠭᠤᠳ ᠨᠡᠪᠳᠡᠷᠡᠬᠦᠯᠦᠭᠰᠡᠨ ᠪᠠᠶᠢᠨ᠎ᠠ᠃ | | | | | | | ᠦᠳᠡᠰᠢᠯᠡᠭᠡ ᠨᠢ ᠬᠠᠮᠲᠤ ᠶᠢᠨ ᠪᠦᠵᠢᠭ᠂ ᠤᠷᠠᠨ ᠤᠩᠰᠢᠯᠭ᠎ᠠ᠂ ᠬᠤᠤᠰᠯᠠᠯ ᠲᠠᠭᠤᠤ᠂ ᠬᠠᠮᠲᠤ ᠶᠢᠨ ᠲᠠᠭᠤᠤ | ᠵᠡᠷᠭᠡ ᠤᠯᠠᠨ ᠵᠦᠢᠯ ᠤᠨ ᠲᠤᠭᠯᠠᠯᠲᠠ ᠪᠠᠷ ᠦᠵᠡᠭᠴᠢᠳ ᠤᠨ ᠬᠠᠷᠠᠭ᠎ᠠ ᠰᠤᠨᠤᠷ ᠢ ᠮᠢᠯᠢᠶᠠᠭᠰᠠᠨ ᠪᠠᠶᠢᠨ᠎ᠠ᠃ | ᠦᠳᠡᠰᠢᠯᠡᠭᠡ ᠲᠡᠭᠡᠷ᠎ᠡ ᠦᠤᠰᠢᠨ ᠬᠤᠰᠢᠭᠤᠨ ᠤ 2018 ᠤᠨ ᠤ ︽ᠪᠦᠬᠦ ᠬᠤᠰᠢᠭᠤᠨ ᠤ ᠵᠠᠯᠠᠭᠤᠴᠤᠳ ᠤᠨ | ᠠᠵᠢᠯ ᠤᠨ ᠪᠠᠶᠢᠷᠢ ᠶᠢᠨ ᠴᠢᠳᠠᠪᠤᠷᠢᠲᠠᠨ︾᠂ ︽ᠪᠦᠬᠦ ᠬᠤᠰᠢᠭᠤᠨ ᠤ ᠤᠷᠤᠭᠰᠢᠯᠠᠨ ᠲᠠᠪᠰᠢᠭᠰᠠᠨ ᠰᠠᠶᠢᠨ | ᠵᠠᠯᠠᠭᠤᠴᠤᠳ︾᠂ 2018 ᠤᠨ ᠤ ︽ᠪᠦᠬᠦ ᠬᠤᠰᠢᠭᠤᠨ ᠤ ᠵᠠᠯᠠᠭᠤᠴᠤᠳ ᠤᠨ ᠲᠠᠪᠤᠨ ᠰᠠᠷ᠎ᠠ ᠶᠢᠨ ᠲᠦᠷᠪᠡᠨ ᠤ | ᠮᠧᠲᠠᠯ︾ ᠵᠡᠷᠭᠡ ᠱᠠᠩᠨᠠᠯ ᠬᠦᠬᠢᠬᠦᠯᠦᠯ ᠢ ᠤᠯᠭᠤᠭᠰᠠᠨ ᠪᠠᠶᠢᠨ᠎ᠠ᠃ | | | | | | | ᠤᠶᠢᠯᠠᠭᠠᠭᠰᠠᠨ ᠢᠶᠠᠷ ᠮᠠᠨ ᠤ ᠬᠤᠰᠢᠭᠤ ︽ᠲᠠᠪᠤᠨ ᠰᠠᠷ᠎ᠠ ᠶᠢᠨ ᠲᠦᠷᠪᠡᠨ︾ ᠤ ᠬᠦᠳᠡᠯᠭᠡᠭᠡᠨ ᠤ 100 ᠵᠢᠯ | ᠤᠨ ᠤᠢ ᠶᠢ ᠲᠤᠷᠠᠰᠬᠠᠬᠤ ᠵᠢᠴᠢ ︽ᠤᠷᠢ ᠵᠠᠯᠠᠭᠤ ᠨᠠᠰᠤ ᠪᠠᠨ ᠡᠪ ᠬᠠᠮᠲᠤ ᠨᠠᠮ ᠳᠤ ᠪᠠᠨ ᠵᠤᠷᠢᠭᠤᠯᠵᠤ ᠰᠢᠨ᠎ᠡ | ᠴᠠᠭ ᠦᠶ᠎ᠠ ᠳᠤ ᠪᠠᠨ ᠭᠠᠪᠢᠶ᠎ᠠ ᠵᠢᠳᠬᠦᠯ ᠦᠵᠡᠬᠦᠯᠤᠶ᠎ᠠ︾ ᠭᠤᠤᠯ ᠰᠡᠲᠦᠪᠲᠤ ᠤᠷᠠᠨ ᠰᠠᠶᠢᠬᠠᠨ ᠤ ᠦᠳᠡᠰᠢᠯᠡᠭᠡ ᠶᠢ | ᠡᠷᠬᠢᠯᠡᠭᠰᠡᠨ ᠤ ᠵᠤᠷᠢᠯᠭ᠎ᠠ ᠨᠢ ︽ᠲᠠᠪᠤᠨ ᠰᠠᠷ᠎ᠠ ᠶᠢᠨ ᠲᠦᠷᠪᠡᠨ︾ ᠤ ᠬᠦᠳᠡᠯᠭᠡᠭᠡᠨ ᠤ 100 ᠵᠢᠯ ᠤᠨ ᠤᠢ ᠶᠢ | ᠲᠤᠷᠠᠰᠬᠠᠨ ᠦᠷᠭᠡᠨ ᠤᠯᠠᠨ ᠵᠠᠯᠠᠭᠤᠴᠤᠳ ᠪᠠᠭᠠᠴᠤᠳ ᠤᠨ ︽ᠲᠠᠪᠤᠨ ᠰᠠᠷ᠎ᠠ ᠶᠢᠨ ᠲᠦᠷᠪᠡᠨ︾ ᠤ ᠵᠤᠷᠢᠭ ᠰᠠᠨᠠᠭ᠎ᠠ | ᠶᠢ ᠤᠯᠠᠮᠵᠢᠯᠠᠨ ᠪᠠᠳᠠᠷᠠᠭᠤᠯᠬᠤ ᠶᠢ ᠵᠤᠷᠢᠭᠵᠢᠭᠤᠯᠤᠨ ᠲᠠᠭᠠᠭᠤᠯᠵᠤ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ | ᠴᠦᠮ᠎ᠡ ᠪᠠᠨ ᠪᠤᠯᠭᠠᠭᠰᠠᠨ ᠠᠭᠤᠤ ᠶᠡᠭᠡ ᠦᠨᠳᠦᠰᠦᠲᠡᠨ ᠤ ᠵᠤᠷᠢᠭ ᠰᠠᠨᠠᠭ᠎ᠠ ᠶᠢ ᠪᠠᠳᠠᠷᠠᠭᠤᠯᠤᠨ ᠪᠦᠬᠦ ᠬᠤᠰᠢᠭᠤᠨ ᠤ | ᠦᠷᠭᠡᠨ ᠤᠯᠠᠨ ᠵᠠᠯᠠᠭᠤᠴᠤᠳ ᠪᠠᠭᠠᠴᠤᠳ ᠢ ᠪᠦᠯᠬᠦᠮᠳᠡᠬᠦᠯᠦᠨ ᠰᠤᠷᠭᠠᠨ ᠬᠦᠮᠦᠵᠢᠬᠦᠯᠵᠤ ᠴᠢᠨᠠᠷ ᠰᠠᠶᠢᠲᠠᠢ | ᠬᠦᠭᠵᠢᠯᠲᠡ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠶᠢ ᠠᠬᠢᠭᠤᠯᠵᠤ ᠲᠤᠮᠳᠠᠲᠤ ᠶᠢᠨ ᠬᠦᠰᠡᠯᠡᠩ | ᠢ ᠪᠡᠶᠡᠯᠡᠬᠦᠯᠬᠦ ᠳᠤ ᠵᠠᠯᠠᠭᠤᠴᠤᠳ ᠤᠨ ᠦᠪᠡᠷ ᠤᠨ ᠬᠦᠴᠦᠨ ᠢᠶᠠᠨ ᠡᠷᠬᠦᠬᠦ ᠶᠢ ᠠᠬᠢᠭᠤᠯᠬᠤ ᠶᠢᠨ ᠲᠦᠯᠦᠭᠡ ᠶᠤᠮ᠃ | | | |