ᠬᠤᠰᠢᠭᠤ ᠤᠰᠤᠨ ᠠᠰᠢᠭᠯᠠᠯᠳᠠ ᠶᠢᠨ ᠲᠤᠪᠴᠢᠶ᠎ᠡ ᠪᠠᠶᠠᠨᠰᠢᠯᠢ ᠭᠠᠴᠠᠭ᠎ᠠ ᠬᠠᠮᠳᠤᠷᠠᠨ ᠤᠯᠣᠰ  ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠵᠢᠴᠢ ︽ᠡᠵᠢ ᠶᠢᠨ ᠠᠴᠢ ᠳᠤ ᠲᠠᠯᠠᠷᠬᠠᠵᠤ ᠡᠬᠡ ᠤᠯᠣᠰ ᠢᠶᠠᠨ ᠮᠠᠭᠳᠠᠨ ᠲᠠᠭᠤᠯᠡᠶ᠎ᠠ︾ ᠰᠡᠲᠦᠪᠲᠤ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-05-14
     ᠤᠶᠢᠷ᠎ᠠ ᠶᠢᠨ ᠡᠳᠤᠷ ᠬᠤᠰᠢᠭᠤ ᠤᠰᠤᠨ ᠠᠰᠢᠭᠯᠠᠯᠳᠠ ᠶᠢᠨ ᠲᠤᠪᠴᠢᠶ᠎ᠡ ᠪᠠ ᠪᠠᠶᠠᠨᠰᠢᠯᠢ ᠭᠠᠴᠠᠭ᠎ᠠ ᠬᠠᠮᠳᠤᠪᠠᠷ ᠤᠯᠣᠰ ᠪᠠᠶᠢᠭᠤᠯᠤᠭᠳᠠᠭᠰᠠᠠ 70 ᠵᠢᠯ ᠤᠨ ᠤᠢ ᠶᠢ ᠪᠡᠯᠭᠡᠯᠡᠭᠦ ᠵᠢᠴᠢ ︽ᠡᠵᠢ ᠶᠢᠨ ᠠᠴᠢ ᠳᠤ  ᠲᠠᠯᠠᠷᠬᠠᠵᠤ ᠡᠬᠡ ᠤᠯᠣᠰ ᠢᠶᠠᠨ ᠮᠠᠭᠳᠠᠨ ᠲᠠᠭᠤᠯᠠᠶ᠎ᠠ︾ ᠰᠡᠲᠦᠪᠲᠤ ᠰᠢᠷᠢᠰ ᠠᠵᠢᠯᠯᠠᠭ᠎ᠠ ᠦᠷᠨᠢᠬᠦᠯᠵᠤ ᠬᠤᠰᠢᠭᠤ ᠤᠰᠤᠨ ᠠᠰᠢᠭᠯᠠᠯᠳᠠ ᠶᠢᠨ ᠲᠤᠪᠴᠢᠶ᠎ᠠ᠂ ᠤᠯᠠᠭᠠᠨᠳᠤᠯᠤᠭᠠᠢ ᠪᠠᠯᠭᠠᠰᠤᠨ ᠤ ᠬᠤᠯᠪᠣᠭᠳᠠᠯ ᠪᠦᠭᠦᠢ ᠤᠳᠣᠷᠢᠳᠤᠯᠭ᠎ᠠ ᠪᠤᠯᠤᠨ ᠪᠠᠶᠠᠨᠰᠢᠯᠢ ᠭᠠᠴᠠᠭᠠᠨ ᠤ ᠡᠮᠡᠭᠳᠡᠶᠢᠴᠥᠳ ᠤᠷᠤᠯᠴᠠᠪᠠ᠃      ᠠᠵᠢᠯᠯᠠᠭ᠎ᠠ ᠳᠤ ᠪᠠᠶᠠᠨᠰᠢᠯᠢ ᠭᠠᠴᠠᠭᠠᠨ ᠤ 7 ᠨᠠᠷ᠎ᠠ ︽ᠡᠨᠡᠷᠢᠯᠲᠤ ᠡᠵᠢ︾᠂ 5 ᠨᠠᠷ᠎ᠠ ︽ᠬᠠᠮᠤᠭ ᠰᠠᠶᠢᠬᠠᠨ ᠭᠡᠷ ᠪᠦᠯᠢ︾ ᠶᠢ ᠱᠠᠩᠨᠠᠨ ᠬᠦᠭᠢᠭᠦᠯᠬᠦ ᠶᠢᠨ ᠬᠠᠮᠳᠤ ᠪᠠᠶᠠᠨᠰᠢᠯᠢ ᠭᠠᠴᠠᠭᠠᠨ ᠤ 80 ᠨᠠᠰᠤᠨ ᠠᠴᠠ ᠲᠡᠭᠡᠭᠰᠢᠭᠢ ᠦᠨᠳᠤᠷ ᠨᠠᠰᠤᠳᠠᠢ ᠡᠵᠢ ᠨᠠᠷ ᠲᠤ ᠪᠠᠶᠠᠷ ᠤᠨ ᠡᠳᠤᠷ ᠤᠨ ᠲᠤᠷᠠᠰᠬᠠᠯ ᠤᠨ ᠪᠤᠳᠠᠰ ᠭᠠᠷᠳᠠᠭᠤᠯᠤᠭᠰᠠᠨ ᠪᠠᠶᠢᠨ᠎ᠠ᠃ ᠪᠠᠰᠠ ᠤᠷᠠᠨ ᠰᠠᠶᠢᠬᠠᠨ ᠤ ᠲᠤᠭᠯᠠᠯᠳᠠ ᠭᠠᠷᠭᠠᠵᠤ  ᠠᠷᠡᠳ ᠤᠨ ᠲᠠᠭᠤᠤ᠂ ᠤᠷᠤᠰᠬᠠᠯ ᠲᠠᠭᠤᠤ  ᠂ ᠤᠷᠠᠨ ᠪᠦᠵᠢᠭ ᠵᠡᠷᠭᠡ ᠲᠤᠭᠯᠠᠯᠳᠠ ᠨᠢ ᠲᠠᠶᠠᠭᠠᠷ ᠤᠯᠠᠨ ᠤ ᠬᠠᠷᠠᠭ᠎ᠠ ᠰᠤᠨᠤᠷ ᠢ ᠮᠢᠯᠢᠶᠠᠵᠤ ᠪᠠᠶᠠᠷ ᠤᠨ ᠡᠳᠤᠷ ᠢ ᠤᠳᠬ᠎ᠠ ᠠᠭᠤᠯᠭ᠎ᠠ  ᠲᠠᠢ ᠰᠠᠶᠢᠬᠠᠨ ᠲᠡᠮᠳᠡᠭᠯᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号