ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ ᠨᠠᠷ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-05-14
     5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠨᠠᠷ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠭᠠᠯᠠᠭᠤᠲᠤ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠠᠨ ᠲᠢᠶᠠᠨ ᠨᠠᠷ ᠡᠩ ᠲᠡᠷᠢᠭᠦᠨ ᠳᠤ ᠰᠠᠷᠠᠭᠤᠯᠨᠤᠲᠤᠭ ᠭᠠᠴᠠᠭᠠᠨ ᠵᠥᠪᠯᠡᠯ ᠳᠤ ᠬᠦᠷᠴᠦ ᠭᠠᠴᠠᠭᠠᠨ ᠤ ᠠᠷᠠᠳ ᠤᠨ ᠵᠥᠪᠯᠡᠯ ᠪᠣᠯᠤᠨ ᠬᠡᠰᠡᠭ ᠮᠠᠯᠴᠢᠨ ᠲᠠᠷᠢᠶᠠᠴᠢᠨ ᠤ ᠲᠥᠯᠥᠭᠡᠯᠡᠭᠴᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ 2019 ᠣᠨ ᠠᠴᠠ ᠨᠠᠰᠢᠬᠢ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠵᠡᠷᠭᠡ ᠠᠵᠢᠯ ᠤᠨ ᠲᠤᠬᠠᠢ ᠭᠠᠴᠠᠭ᠎ᠠ ᠲᠣᠰᠬᠤᠨ ᠤ  ︽ᠬᠤᠶᠠᠷ ᠵᠥᠪᠯᠡᠯ︾ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠯᠠᠨ ᠲᠢᠶᠠᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠨᠠᠭᠰᠢᠳᠠ ᠴᠢᠩᠭᠠᠳᠬᠠᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ ᠨᠠᠮ ᠤᠨ ᠪᠠᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ᠂ ᠠᠵᠤ ᠦᠢᠯᠡᠰ ᠢᠶᠠᠷ ᠴᠢᠨᠡᠭᠡᠯᠢᠭᠵᠢᠭᠦᠯᠬᠦ ᠶᠢ ᠠᠳᠬᠤᠬᠤ ᠵᠠᠮ ᠢ ᠨᠡᠭᠡᠭᠡᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠵᠡᠷᠭᠡ ᠡᠯ᠎ᠡ ᠲᠥᠷᠥᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠠᠴᠠᠭ᠎ᠠ ᠲᠣᠰᠬᠤᠨ ᠤ ᠴᠠᠬᠢᠯᠭᠠᠨ ᠬᠦᠴᠦᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠪᠣᠯᠤᠨ ᠬᠦᠴᠢᠷᠳᠡᠯ ᠳᠤ ᠴᠢᠭᠯᠡᠭᠦᠯᠦᠨ ᠲᠠᠷᠢᠶᠠᠯᠠᠩ ᠳᠤ ᠬᠤᠯᠪᠣᠭᠳᠠᠬᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠡᠮᠬᠢᠯᠡᠨ ᠨᠡᠶᠢᠯᠡᠬᠦᠯᠬᠦ ᠶᠢ ᠨᠢᠭᠡᠳᠦᠯᠲᠡᠢ ᠲᠥᠯᠥᠪᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠴᠠᠬᠢᠯᠭᠠᠨ ᠬᠦᠴᠦᠨ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠨ ᠤᠯᠠᠨ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ᠃ ︽3 + 1︾ ᠬᠠᠷᠢᠯᠴᠠᠨ ᠬᠠᠪᠰᠤᠷᠤᠯᠴᠠᠬᠤ ᠪᠠᠶᠢᠭᠤᠯᠭ᠎ᠠ ᠨᠢᠭᠡᠴᠢ ᠪᠣᠯᠤᠨ ᠠᠵᠤ ᠠᠬᠤᠶᠢᠯᠠᠯ ᠲᠠᠢ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ ᠪᠠᠶᠠᠵᠢᠨ ᠴᠢᠨᠡᠭᠡᠯᠢᠭᠵᠢᠬᠦ ᠵᠠᠮ ᠢ ᠣᠨᠣᠪᠴᠢᠲᠠᠢ ᠡᠷᠢᠨ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠪᠠᠯᠭᠠᠰᠤᠨ ᠤ ᠵᠠᠰᠠᠭ ᠤᠨ ᠣᠷᠳᠣᠨ ᠲᠠᠢ ᠢᠳᠡᠪᠬᠢᠲᠡᠶ ᠬᠠᠷᠢᠯᠴᠠᠵᠤ ᠨᠠᠷᠢᠨ ᠨᠣᠣᠰᠣᠲᠤ ᠬᠤᠨᠢᠨ ᠨᠣᠣᠰᠣᠨ ᠤ ᠲᠠᠯᠭᠡᠨ ᠦᠵᠡᠬᠦᠯᠦᠯᠭᠡ ᠶᠢᠨ ᠲᠢᠩᠬᠢᠮ ᠤᠨ ᠦᠵᠡᠭᠦᠯᠦᠯᠭᠡ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃      ᠹᠧᠩ ᡁᠢ ᠮᠢᠩ ᠱᠠᠭᠠᠷᠳᠠᠬᠤ ᠳᠠᠭᠠᠨ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠤᠨ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠥᠨᠳᠥᠷ ᠲᠦᠪᠰᠢᠨ ᠪᠦᠬᠦᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠨᠠᠷᠢᠨ ᠨᠣᠣᠰᠣᠲᠤ ᠬᠤᠨᠢ ᠲᠡᠵᠢᠭᠡᠨ ᠦᠷᠡᠵᠢᠭᠦᠯᠬᠦ ᠳᠠᠪᠠᠭᠤᠯᠢᠭ ᠵᠢᠴᠢ ᠴᠠᠭᠠᠨ ᠢᠳᠡᠭᠡᠨ ᠤ ᠣᠶᠤᠨᠴᠢ ᠦᠢᠯᠡᠳᠬᠡᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠣᠷᠳᠣ ᠬᠤᠭᠤᠴᠠᠭᠠᠨ ᠤ ᠪᠦᠲᠦᠮᠵᠢᠲᠡᠶ ᠠᠵᠤ ᠦᠢᠯᠡᠰ ᠢ ᠬᠥᠭᠵᠢᠭᠦᠯᠦᠨ ᠭᠠᠴᠠᠭ᠎ᠠ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ ᠴᠠᠭᠠᠨ ᠢᠳᠡᠭᠡᠨ ᠤ ᠣᠶᠤᠨᠴᠢ ᠦᠢᠯᠡᠳᠬᠡᠯ ᠤᠨ ᠭᠠᠵᠠᠷ ᠤᠨ ᠡᠷᠡᠭᠦᠯ ᠬᠠᠮᠠᠭᠠᠯᠠᠯ ᠤᠨ ᠠᠶᠤᠯ ᠦᠭᠡᠢ ᠶᠢᠨ ᠳᠦᠷᠢᠮ ᠢ ᠴᠢᠩᠭᠠᠳᠬᠠᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠪᠣᠷᠣᠯᠠᠭᠤᠯᠭ᠎ᠠ ᠶᠢᠨ ᠣᠷᠣᠨ ᠵᠠᠢ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠤᠨ ᠳᠠᠷᠠᠭ᠎ᠠ᠂ ᠯᠠᠨ ᠲᠢᠶᠠᠨ ᠨᠠᠷ ᠰᠠᠷᠠᠭᠤᠯᠨᠤᠲᠤᠭ ᠭᠠᠴᠠᠭᠠᠨ ᠤ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠢᠶᠠᠷ ᠲᠣᠭᠤᠷᠢᠨ ᠦᠵᠡᠵᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠥᠭᠡᠳ ᠦᠢᠯᠡᠳᠪᠦᠷᠢ ᠶᠢᠨ ᠬᠤᠶᠢᠰᠢᠳᠠ ᠶᠢᠨ ᠬᠥᠭᠵᠢᠯᠲᠡ ᠳᠤ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠡᠷᠦᠬᠡ ᠪᠣᠯᠤᠨ ᠨᠠᠷᠢᠨ ᠨᠣᠣᠰᠣᠲᠤ ᠬᠤᠨᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠪᠠᠷ ᠭᠦᠨᠵᠡᠭᠡᠶᠢᠷᠡᠨ ᠪᠠᠶᠢᠳᠠᠯ ᠢ ᠨᠠᠷᠢᠨ ᠤᠶᠢᠯᠠᠭᠠᠭᠰᠠᠨ ᠪᠥᠭᠡᠳ ᠰᠠᠷᠠᠭᠤᠯᠨᠤᠲᠤᠭ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号