ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ ᠭᠠᠯᠠᠭᠤᠲᠤ ᠪᠠᠯᠭᠠᠰᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠣᠨ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2019-05-14
     5 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠧᠢ ᠯᠦ ᠭᠠᠯᠠᠭᠤᠲᠤ ᠪᠠᠯᠭᠠᠰᠤᠨ ᠳᠤ ᠬᠦᠷᠴᠦ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠣᠨ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃
     ᠵᠤᠤ ᠹᠧᠢ ᠯᠦ ᠤᠷᠢᠳ ᠬᠤᠵᠢᠳ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠢ ᠹᠧᠩ ᠰᠠᠭᠤᠭᠠᠯᠢ ᠠᠷᠠᠳ ᠤᠨ ᠲᠣᠭᠤᠷᠢᠭ ᠤᠨ ᠵᠡᠭᠦᠨ ᠲᠠᠯ᠎ᠠ ᠶᠢᠨ ᠵᠤᠭᠠᠴᠠᠯ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ ᠨᠣᠭᠤᠭᠠᠷᠠᠭᠤᠯᠤᠯᠲᠠ ᠶᠢᠨ ᠠᠵᠢᠯ ᠤᠨ ᠠᠬᠢᠴᠠ ᠶᠢ ᠣᠶᠢᠯᠠᠭᠠᠵᠤ ᠪᠥᠸᠧ ᠵᠢᠤᠸᠠᠢ ᠭᠦᠩ ᠭᠤᠸᠠᠨ᠂ ᠢ ᠯᠢᠨ ᠶᠤᠸᠠᠨ᠂ ᠶᠤᠸᠠᠢ ᠰᠢᠨ ᠶᠤᠸᠠᠨ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠢᠶᠠᠷ ᠬᠦᠷᠴᠦ ᠵᠡᠭᠡᠯᠢ ᠭᠤᠳᠤᠮᠵᠢ ᠶᠢᠨ ᠬᠠᠲᠠᠭᠤᠵᠢᠭᠤᠯᠤᠯᠲᠠ ᠶᠢᠨ ᠠᠵᠢᠯ᠂ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ ᠵᠤᠤ ᠹᠧᠢ ᠯᠦ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ ᠲᠤᠬᠠᠢ ᠶᠢᠨ ᠲᠠᠯᠠᠪᠠᠢ ᠳᠤ ᠬᠦᠴᠢᠷ ᠠᠰᠠᠭᠤᠳᠠᠯ ᠢ ᠰᠢᠢᠳᠪᠦᠷᠢᠯᠡᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ᠂ ᠮᠣᠳᠣᠨ ᠤ ᠲᠥᠷᠥᠯ ᠵᠦᠢᠯ ᠤᠨ ᠰᠤᠩᠭᠤᠯᠲᠠ᠂ ᠦᠩᠭᠡ ᠪᠤᠳᠤᠭ ᠤᠨ ᠲᠣᠬᠢᠷᠠᠭᠤᠯᠤᠯᠲᠠ᠂ ᠰᠡᠯᠡᠭᠦᠴᠡᠯ ᠣᠷᠣᠨ ᠵᠠᠢ ᠶᠢᠨ ᠪᠦᠲᠦᠭᠡᠨ ᠪᠠᠢᠭᠤᠯᠤᠯᠲᠠ ᠵᠡᠷᠭᠡ ᠲᠠᠯ᠎ᠠ ᠪᠠᠷ ᠨᠢᠭᠡᠳ ᠨᠢᠭᠡ ᠪᠠᠷ ᠵᠢᠯᠣᠭᠤᠳᠬᠤ ᠴᠢᠨᠠᠷᠲᠠᠢ ᠰᠠᠨᠠᠯ ᠳᠤᠷᠠᠳᠪᠠ᠃ ᠲᠡᠷᠡ ᠴᠢᠬᠤᠯᠠᠴᠢᠯᠠᠬᠤ ᠳᠠᠭᠠᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠷᠪᠢᠴᠢ ᠭᠠᠮᠲᠠᠶ ᠪᠥᠭᠡᠳ ᠪᠣᠳᠠᠲᠤ ᠬᠡᠷᠡᠭᠴᠡᠭᠡ ᠲᠠᠢ ᠪᠠᠶᠢᠬᠤ ᠣᠨᠣᠯᠵᠢᠭᠤᠨ ᠢᠶᠠᠷ ᠣᠨᠴᠠᠯᠢᠭ ᠢᠶᠠᠨ ᠳᠣᠪᠤᠶᠢᠯᠭᠠᠨ ᠮᠤᠳᠤ ᠪᠠᠨ ᠰᠢᠨᠵᠢᠯᠡᠬᠦ ᠤᠬᠠᠭᠠᠨᠴᠢ ᠪᠠᠷ ᠰᠣᠩᠭᠤᠵᠤ ᠨᠣᠭᠤᠭᠠᠷᠠᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ ᠥᠷᠭᠡᠨ ᠣᠯᠠᠨ ᠰᠠᠭᠤᠭᠠᠯᠢ ᠠᠷᠠᠳ ᠲᠤ ᠪᠣᠬᠢᠷᠲᠤᠯ ᠥᠬᠡᠶ ᠭᠤᠶᠢᠳᠠ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠵᠦ ᠥᠭᠬᠦ ᠬᠡᠷᠡᠭᠲᠡᠶ ᠭᠡᠵᠡᠶ᠃ ᠵᠤᠤ ᠹᠧᠢ ᠯᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠪᠠᠷᠢᠯᠭ᠎ᠠ ᠶᠢᠨ ᠨᠢᠭᠡᠴᠢ ᠳᠤ ᠣᠳᠣᠬᠠᠨ ᠤ ᠠᠰᠢᠭᠲᠠᠢ ᠴᠠᠭ ᠲᠣᠬᠢᠶᠠᠯ ᠢ ᠠᠮᠵᠢᠵᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠲᠥᠷᠥᠯ ᠵᠦᠢᠯ ᠢ ᠡᠷᠲᠡ ᠨᠢᠭᠡᠨ ᠡᠳᠦᠷ ᠠᠰᠢᠭᠯᠠᠯᠲᠠ ᠳᠤ ᠤᠷᠤᠭᠤᠯᠬᠤ ᠬᠡᠷᠡᠭᠲᠡᠢ ᠭᠡᠵᠡᠢ᠃ ᠪᠠᠶᠢᠭᠤᠯᠤᠯᠲᠠ ᠪᠠ ᠬᠡᠷᠡᠭᠯᠡᠯᠲᠡ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ ᠬᠤᠲᠠ ᠪᠠᠯᠭᠠᠰᠤᠨ ᠤ ᠰᠠᠭᠤᠷᠢ ᠴᠢᠳᠠᠮᠵᠢ ᠶᠢ ᠢᠵᠢ ᠪᠦᠷᠢᠳᠦᠭᠦᠯᠬᠦ ᠪᠠ ᠨᠣᠭᠤᠭᠠᠷᠠᠭᠤᠯᠤᠯᠲᠠ᠂ ᠰᠡᠯᠡᠭᠦᠴᠡᠯ ᠵᠤᠭᠠᠴᠠᠯ ᠵᠡᠷᠭᠡ ᠴᠢᠳᠠᠮᠵᠢ ᠶᠢᠨ ᠬᠡᠷᠡᠭᠴᠡᠭᠡ ᠶᠢ ᠬᠠᠷᠢᠯᠴᠠᠨ ᠤᠶᠠᠯᠳᠤᠭᠤᠯᠵᠤ ᠬᠠᠮᠢᠶᠠᠷᠤᠯᠲᠠ ᠪᠠᠨ ᠴᠢᠩᠭᠠᠳᠬᠠᠨ ᠬᠤᠲᠠ ᠶᠢᠨ ᠪᠦᠲᠦᠭᠡᠨ ᠪᠠᠢᠭᠤᠯᠤᠯᠲᠠ ᠶᠢᠨ ᠥᠷᠭᠡᠨ ᠣᠯᠠᠨ ᠲᠦᠮᠡᠨ ᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠳᠤ ᠳᠥᠭᠦᠮ ᠦᠵᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号