5 ᠰᠠᠷ᠎ᠠ ᠶᠢᠨ 14 ᠤ ᠡᠳᠦᠷ᠂ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ︽ᠨᠡᠶᠢᠭᠡᠮ | ᠨᠡᠶᠢᠲᠡ ᠪᠠᠷ ᠢᠶᠠᠨ ᠬᠦᠰᠡᠯ ᠲᠡᠮᠡᠦᠯᠡᠯ ᠢᠶᠠᠨ ᠪᠡᠶᠡᠯᠡᠭᠦᠯᠬᠦ ᠪᠠᠷ ᠵᠣᠷᠢᠨ᠂ ᠨᠣᠮᠢᠨ ᠲᠠᠩᠰᠤᠭ ᠬᠥᠭᠵᠢᠨ ᠮᠠᠨᠳᠤᠯᠲᠠ ᠶᠢᠨ | ᠦᠢᠯᠡᠰ ᠲᠤ ᠭᠠᠪᠰᠢᠭᠠᠶᠢᠯᠠᠬᠤ︾ ᠦᠦᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠢ | ᠦᠢᠯᠡᠳᠦᠯᠭᠡᠵᠢᠭᠦᠯᠬᠦ ᠲᠤᠰᠬᠠᠢ ᠰᠡᠲᠤᠪᠲᠤ ᠠᠵᠢᠯᠯᠠᠭ᠎ᠠ ᠵᠢᠴᠢ ᠪᠦᠬᠦ ᠬᠤᠰᠢᠭᠤᠨ ᠤ ᠬᠠᠮᠤᠭ ᠤᠨ ᠰᠠᠶᠢᠬᠠᠨ ᠭᠡᠷ | ᠪᠦᠯᠢ ᠶᠢ ᠱᠠᠩᠨᠠᠨ ᠬᠥᠬᠢᠭᠦᠯᠬᠦ ᠬᠤᠷᠠᠯ ᠬᠤᠰᠢᠭᠤ ᠰᠣᠶᠣᠯ ᠤᠨ ᠠᠵᠢᠯᠯᠠᠭᠠᠨ ᠤ ᠲᠥᠪ ᠲᠤ ᠶᠠᠪᠤᠭᠳᠠᠭᠰᠠᠨ ᠪᠠᠶᠢᠨ᠎ᠠ᠃ | ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠣᠶᠤᠨᠪᠢᠯᠢᠭ᠌ ᠪᠣᠯᠣᠨ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ ᠵᠡᠷᠭᠡ ᠬᠠᠮᠢᠶ᠎ᠠ | ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ᠂ ᠱᠠᠩᠨᠠᠯ ᠬᠦᠷᠲᠡᠭᠰᠡᠳ ᠤᠨ ᠲᠥᠯᠥᠭᠡᠯᠡᠭᠴᠢ᠂ ᠪᠦᠬᠦ | ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ ᠶᠢᠨ ᠠᠵᠢᠯᠲᠠᠨ ᠤ ᠲᠥᠯᠥᠭᠡᠯᠡᠭᠴᠢ ᠱᠠᠩᠨᠠᠨ ᠬᠥᠬᠢᠭᠦᠯᠬᠦ ᠬᠤᠷᠠᠯ ᠳᠤ | ᠣᠷᠣᠯᠴᠠᠭᠰᠠᠨ ᠪᠠᠶᠢᠨ᠎ᠠ᠃ | | | | | | | | | | | | | | | | ᠬᠤᠷᠠᠯ ᠳᠡᠭᠡᠷ᠎ᠡ᠂ 2019 ᠣᠨ ᠤ ᠪᠦᠬᠦ ᠬᠤᠰᠢᠭᠤᠨ ᠤ ︽ᠠᠷᠢᠭᠤᠨ ᠴᠢᠬᠡᠴᠢ ᠬᠠᠮᠤᠭ ᠤᠨ ᠰᠠᠶᠢᠬᠠᠨ | ᠭᠡᠷ ᠪᠦᠯᠢ︾᠂ ︽ᠨᠣᠭᠤᠭᠠᠨᠯᠢᠭ ᠬᠥᠭᠵᠢᠯᠲᠡ ᠲᠠᠢ ᠬᠠᠮᠤᠭ ᠤᠨ ᠰᠠᠶᠢᠬᠠᠨ ᠭᠡᠷ ᠪᠦᠯᠢ︾᠂ ︽ᠡᠶ᠎ᠡ ᠪᠦᠯᠬᠦᠮᠳᠡᠯ | ᠲᠠᠢ ᠬᠠᠮᠤᠭ ᠤᠨ ᠰᠠᠶᠢᠬᠠᠨ ᠭᠡᠷ ᠪᠦᠯᠢ︾᠂ ︽ᠠᠴᠢᠯᠠᠯ ᠡᠨᠡᠷᠢᠯ ᠲᠠᠢ ᠬᠠᠮᠤᠭ ᠤᠨ ᠰᠠᠶᠢᠬᠠᠨ ᠭᠡᠷ ᠪᠦᠯᠢ︾᠂ ︽ | ᠤᠬᠠᠭᠠᠨᠴᠢ ᠬᠥᠮᠥᠵᠢᠯ ᠲᠠᠢ ᠬᠠᠮᠤᠭ ᠤᠨ ᠰᠠᠶᠢᠬᠠᠨ ᠭᠡᠷ ᠪᠦᠯᠢ︾᠂ ︽ᠡᠷᠡᠭᠦᠯ ᠠᠮᠢᠳᠤᠷᠠᠯ ᠲᠠᠢ ᠬᠠᠮᠤᠭ ᠤᠨ | ᠰᠠᠶᠢᠬᠠᠨ ᠭᠡᠷ ᠪᠦᠯᠢ︾ ᠵᠡᠷᠭᠡ ᠶᠢ ᠱᠠᠩᠨᠠᠨ ᠬᠥᠬᠢᠭᠦᠯᠦᠭᠰᠡᠨ ᠪᠠᠶᠢᠨ᠎ᠠ᠃ ᠬᠤᠷᠠᠯ ᠳᠡᠭᠡᠷ᠎ᠡ ᠪᠠᠰᠠ ᠰᠡᠳᠬᠢᠯ | ᠬᠥᠳᠡᠯᠭᠡᠮ᠎ᠡ ᠦᠯᠢᠭᠡᠷ ᠤᠴᠢᠷ ᠤᠨ ᠣᠬᠤᠷ ᠹᠢᠯᠢᠮ ᠦᠵᠡᠭᠦᠯᠦᠭᠰᠡᠨ ᠤ ᠬᠠᠮᠲᠤ ᠤᠷᠠᠨ ᠰᠠᠶᠢᠬᠠᠨ ᠤ ᠲᠣᠭᠯᠠᠯᠲᠠ | ᠭᠠᠷᠭᠠᠵᠤ ᠦᠢᠯᠡ ᠶᠠᠪᠤᠳᠠᠯ ᠤᠨ ᠲᠣᠭᠠᠴᠢᠯᠲᠠ ᠪᠣᠯᠤᠨ ᠤᠳᠬ᠎ᠠ ᠤᠷᠠᠯᠢᠭ ᠤᠨ ᠲᠣᠭᠯᠠᠯᠲᠠ ᠶᠢ ᠤᠶᠠᠯᠳᠤᠭᠤᠯᠤᠨ | ᠰᠢᠨ᠎ᠡ ᠴᠠᠭ ᠦᠶ᠎ᠡ ᠶᠢᠨ ︽ᠬᠠᠮᠤᠭ ᠤᠨ ᠰᠠᠶᠢᠬᠠᠨ ᠭᠡᠷ ᠪᠦᠯᠢ︾ ᠶᠢᠨ ᠰᠡᠳᠬᠢᠯ ᠬᠥᠳᠡᠯᠭᠡᠮ᠎ᠡ ᠥᠯᠢᠭᠡᠷ ᠤᠴᠢᠷ | ᠪᠣᠯᠤᠨ ᠳᠠᠭᠤᠷᠢᠶᠠᠯ ᠳᠠᠭᠠᠭᠤᠯᠤᠭᠴᠢ ᠶᠢᠨ ᠬᠡᠪ ᠨᠠᠮᠪᠠ ᠶᠢ ᠭᠦᠢᠴᠡᠳ ᠢᠯᠡᠷᠡᠭᠦᠯᠵᠦ ᠣᠯᠠᠨ ᠲᠦᠮᠡᠨ ᠢ ᠬᠥᠲᠥᠯᠥᠨ | ᠳᠠᠭᠠᠭᠤᠯᠵᠤ ᠪᠠᠶᠢᠭᠠᠳ ᠭᠤᠶᠣ ᠰᠠᠶᠢᠬᠠᠨ ᠢ ᠰᠤᠷᠤᠯᠴᠠᠨ ᠬᠥᠭᠡᠭᠡᠴᠡᠯᠳᠦᠬᠦ ᠪᠠᠷ ᠳᠠᠮᠵᠢᠨ ᠪᠣᠳᠠᠲᠤ | ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ | ᠤᠷᠢᠶᠠᠯᠠᠪᠠ᠃ ᠠᠵᠢᠯᠯᠠᠭᠠᠨ ᠤ ᠡᠴᠦᠰ ᠲᠤ ᠪᠦᠭᠦᠳᠡᠭᠡᠷ ᠢᠶᠠᠨ ︽ᠪᠢ ᠡᠬᠡ ᠣᠷᠣᠨ ᠲᠠᠢ ᠪᠠᠨ ᠬᠠᠮᠲᠤ︾ ᠭᠡᠬᠦ | ᠨᠠᠶᠢᠷᠠᠯ ᠳᠠᠭᠤᠤ ᠶᠢ ᠰᠡᠳᠬᠢᠯ ᠨᠢᠭᠡᠳᠦᠨ ᠳᠠᠭᠤᠯᠠᠵᠤ ᠡᠬᠡ ᠤᠯᠤᠰ ᠤᠨ ᠢᠷᠡᠭᠡᠳᠦᠢ ᠶᠢᠨ ᠰᠠᠶᠢᠨ ᠰᠠᠶᠢᠬᠠᠨ | ᠬᠥᠭᠵᠢᠯᠲᠡ ᠳᠤ ᠢᠲᠡᠭᠡᠯ ᠳᠦᠭᠦᠷᠡᠩ ᠪᠠᠶᠢᠭ᠎ᠠ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ ᠮᠠᠨ ᠤ ᠬᠤᠰᠢᠭᠤ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠢᠮᠠᠭᠲᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠠᠳᠬᠤᠵᠤ 2014 ᠣᠨ ᠳᠤ ︽ᠬᠠᠮᠤᠭ ᠤᠨ ᠰᠠᠶᠢᠬᠠᠨ ᠭᠡᠷ ᠪᠦᠯᠢ︾ ᠶᠢ | ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ ᠣᠷᠣᠨ ᠤ ᠳᠡᠰ ᠤᠨ ︽ᠬᠠᠮᠤᠭ ᠤᠨ ᠰᠠᠶᠢᠬᠠᠨ ᠭᠡᠷ | ᠪᠦᠯᠢ︾ 7 ᠡᠷᠦᠬᠡ᠂ ᠬᠤᠲᠠ ᠶᠢᠨ ᠳᠡᠰ ᠤᠨ ︽ᠬᠠᠮᠤᠭ ᠤᠨ ᠰᠠᠶᠢᠬᠠᠨ ᠭᠡᠷ ᠪᠦᠯᠢ︾ 17 ᠡᠷᠦᠬᠡ᠂ | ᠬᠤᠰᠢᠭᠤᠨ ᠤ ᠳᠡᠰ ᠤᠨ ︽ᠬᠠᠮᠤᠭ ᠤᠨ ᠰᠠᠶᠢᠬᠠᠨ ᠭᠡᠷ ᠪᠦᠯᠢ︾ 92 ᠡᠷᠦᠬᠡ ᠶᠢ ᠰᠣᠩᠭᠤᠨ ᠭᠠᠷᠭᠠᠵᠠᠶ᠃ | ᠢᠩᠭᠢᠭᠡᠳ ᠨᠢᠭᠡ ᠪᠦᠯᠦᠭ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠭᠡᠷ ᠪᠦᠯᠢ ᠪᠠᠷ ᠢᠶᠠᠨ | ᠡᠶ᠎ᠡ ᠨᠠᠶᠢᠷᠲᠠᠶ ᠪᠠᠶᠢᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨᠴᠢ ᠪᠠᠷ | ᠦᠷ᠎ᠡ ᠬᠡᠦᠬᠡᠳ ᠢᠶᠠᠨ ᠰᠤᠷᠭᠠᠬᠤ᠂ ᠬᠥᠷᠰᠢ ᠰᠠᠭᠠᠬᠠᠯᠲᠠ ᠬᠠᠪᠰᠤᠷᠤᠯᠴᠠᠭᠰᠠᠨ ᠰᠠᠶᠢᠨ ᠰᠠᠶᠢᠬᠠᠨ ᠣᠷᠴᠢᠨ | ᠠᠬᠤᠢ ᠶᠢ ᠪᠦᠷᠢᠯᠳᠦᠭᠦᠯᠦᠭᠰᠡᠨ ᠨᠡᠶᠢᠲᠡᠯᠢᠭ ᠭᠡᠷ ᠪᠦᠯᠢ ᠴᠣᠯᠭᠤᠷᠠᠨ ᠭᠠᠷᠴᠤ ᠣᠯᠠᠨ ᠲᠦᠮᠡᠨ ᠳᠤ ᠳᠠᠭᠤᠷᠢᠶᠠᠯ | ᠳᠠᠭᠠᠭᠤᠯᠤᠭᠴᠢ ᠶᠢᠨ ᠦᠢᠯᠡᠳᠦᠯ ᠦᠵᠡᠭᠦᠯᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠶᠢ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠶᠢᠨ | ᠬᠥᠮᠥᠵᠢᠯ ᠢ ᠴᠢᠬᠤᠯᠠᠴᠢᠯᠠᠭᠰᠠᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠣᠶᠣᠨ ᠤ ᠪᠣᠯᠪᠠᠰᠤᠨ ᠤ | ᠠᠯᠪᠠᠨ ᠭᠡᠷ᠂ ᠡᠮᠡᠭᠲᠡᠶᠢᠴᠤᠳ ᠤᠨ ᠬᠤᠯᠪᠣᠭᠠᠲᠤ ᠬᠤᠷᠠᠯ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠬᠠᠮᠲᠤᠷᠠᠨ ᠶᠠᠪᠤᠭᠳᠠᠭᠤᠯᠤᠭᠰᠠᠨ ᠪᠠᠶᠢᠨ᠎ᠠ᠃ | | |