ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 5 ᠰᠠᠷ᠎ᠠ ᠶᠢᠨ 13 ᠤ ᠡᠳᠤᠷ ᠬᠤᠷᠡᠯ | ᠬᠤᠷᠡᠯᠳᠤᠭᠤᠯᠵᠥ᠂ ᠡᠨᠡ ᠵᠢᠯ ᠤᠨ 6 ᠰᠠᠷ᠎ᠠ ᠠᠴᠠ ᠡᠬᠢᠯᠡᠨ᠂ ᠪᠦᠬᠦ ᠨᠠᠮ ᠳᠤ ᠬᠤᠶᠠᠷ ᠪᠦᠯᠥᠭ ᠬᠤᠪᠢᠶᠡᠵᠥ | ᠪᠠᠶᠢᠭᠠᠳ ︽ᠤᠭ ᠰᠠᠨᠠᠭ᠎ᠠ ᠪᠠᠨ ᠦᠯᠥ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠤᠪᠳᠤ ᠬᠦᠮᠥᠵᠢᠯ ᠦᠷᠨᠢᠬᠦᠯᠬᠦ ᠪᠠᠷ ᠲᠤᠭᠳᠠᠪᠠ᠃ ᠬᠤᠷᠡᠯ ᠠᠴᠠ ︽ᠬᠦᠬᠡᠮᠦ᠋ᠷᠡᠨ ᠤ ᠭᠤᠷᠪᠠᠯᠵᠢᠨ ᠬᠤᠶᠢᠭ ᠤᠨ | ᠤᠷᠤᠨ ᠪᠦᠰᠡ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠲᠦᠯᠥᠪᠵᠢᠬᠦᠯᠬᠡ ᠶᠢᠨ ᠬᠦᠳᠦᠯᠪᠤᠷᠢ︾ ᠶᠢ ᠬᠢᠨᠡᠨ | ᠵᠦᠪᠯᠡᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠵᠡᠢ᠃ | ᠬᠤᠷᠡᠯ ᠠᠴᠠ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠪᠠᠶᠢᠷᠢᠯᠠᠭᠤᠯᠤᠯᠳᠡ ᠶᠢ ᠦᠨᠳᠦᠰᠦᠯᠡᠵᠤ᠂ | ᠰᠢᠶᠠᠨ ᠭᠠᠵᠠᠷ ᠤᠨ ᠲᠡᠰ ᠠᠴᠠ ᠲᠡᠭᠡᠭᠰᠢᠬᠢ ᠤᠳᠤᠷᠢᠳᠬᠤ ᠺᠠᠳ᠋ᠷ ᠢᠶᠠᠷ ᠭᠤᠤᠯᠳᠠᠯᠭ᠎ᠠ ᠪᠤᠯᠭᠠᠨ᠂ ᠪᠦᠬᠦ ᠨᠠᠮ ᠳᠤ ︽ | ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ | ᠬᠦᠮᠥᠵᠢᠯ ᠦᠷᠨᠢᠬᠦᠯᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠪᠠᠷ | ᠲᠡᠷᠢᠬᠢ ᠲᠤᠯᠤᠭᠠᠢ ᠪᠠᠨ ᠵᠡᠪᠰᠡᠭᠯᠡᠵᠥ᠂ ᠦᠢᠯᠡᠳᠦᠯᠬᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠥ᠂ ᠪᠦᠬᠦ | ᠨᠠᠮ ᠢᠶᠠᠷ ᠢᠶᠠᠨ ᠨᠡᠩ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠲᠡᠤᠬᠡᠳᠤ ᠡᠬᠦᠷᠬᠡ ᠶᠢ | ᠪᠡᠶᠡᠯᠡᠬᠦᠯᠬᠦ ᠶᠢᠨ ᠲᠦᠯᠥᠬᠡ ᠴᠢᠷᠮᠡᠶᠢᠨ ᠲᠡᠮᠡᠴᠡᠬᠦ ᠶᠢ ᠠᠬᠢᠭᠤᠯᠤᠨ᠎ᠠ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠡᠨᠡ ᠵᠢᠯ ᠪᠤᠯ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 | ᠵᠢᠯ ᠤᠨ ᠤᠢ ᠪᠤᠯᠤᠨ᠎ᠡ᠂ ︽ᠤᠭ ᠰᠠᠨᠠᠭ᠎ᠠ ᠪᠠᠨ ᠦᠯᠦ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠤ ᠬᠦᠮᠦᠵᠢᠯ ᠦᠷᠨᠢᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ | ᠬᠤᠷᠢᠶᠠᠨ ᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ | ᠬᠦᠰᠡᠯ ᠵᠡᠬᠦᠳᠤ ᠶᠢ ᠶᠡᠷᠤᠩᠭᠡᠶᠢᠯᠡᠨ ᠪᠤᠳᠤᠯᠬᠢᠯᠠᠵᠤ ᠭᠠᠷᠭᠠᠬᠰᠡᠨ ᠴᠢᠬᠤᠯᠠ ᠶᠡᠭᠡ ᠪᠠᠶᠢᠷᠢᠯᠠᠭᠤᠯᠤᠯᠳᠠ ᠪᠤᠯᠤᠨ᠎ᠡ᠂ | ᠮᠠᠨ ᠤ ᠨᠠᠮ ᠤᠨ ᠲᠠᠰᠤᠷᠠᠯᠳᠠ ᠦᠭᠡᠢ ᠦᠪᠡᠷ ᠤᠨ ᠪᠡᠶ᠎ᠡ ᠳᠡᠭᠡᠨ ᠬᠤᠪᠢᠰᠬᠠᠯ ᠬᠢᠵᠤ᠂ ᠠᠷᠠᠳ ᠲᠦᠮᠡᠨ ᠢ | ᠪᠦᠯᠬᠦᠮᠳᠡᠬᠦᠯᠦᠨ ᠲᠠᠭᠠᠭᠤᠯᠵᠤ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ | ᠪᠠᠷᠢᠮᠳᠠᠯᠠᠨ ᠬᠦᠭᠵᠢᠭᠦᠯᠬᠦ ᠠᠭᠤᠤ ᠶᠡᠭᠡ ᠨᠡᠶᠢᠭᠡᠮ ᠤᠨ ᠬᠤᠪᠢᠰᠬᠠᠯ ᠢ ᠲᠦᠯᠬᠢᠨ ᠤᠷᠤᠬᠰᠢᠯᠠᠭᠤᠯᠵᠤ᠂ ︽ᠲᠠᠪᠤ ᠶᠢ | ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ︽ | ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ | ︽ᠬᠤᠤᠰ ᠵᠠᠭᠤᠨ ᠵᠢᠯ︾ ᠤᠨ ᠲᠠᠮᠠᠴᠡᠬᠦ ᠬᠠᠷᠠᠯᠳᠠ ᠶᠢ ᠪᠠᠶᠠᠯᠡᠬᠦᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠲᠦᠢᠯ ᠤᠨ ᠴᠢᠬᠤᠯᠠ ᠠᠴᠢ | ᠬᠤᠯᠪᠤᠬᠳᠠᠯ ᠲᠠᠢ ᠶᠤᠮ ᠭᠡᠵᠤ ᠴᠢᠬᠤᠯᠠᠴᠢᠯᠠᠪᠠ᠃ | ᠬᠤᠷᠠᠯ ᠠᠴᠠ᠂ ᠲᠤᠰ ᠤᠳᠠᠭ᠎ᠠ ᠶᠢᠨ ᠭᠤᠤᠯ ᠰᠡᠳᠦᠪᠳᠤ ᠬᠦᠮᠦᠵᠢᠯ ᠢ ᠦᠷᠨᠢᠬᠦᠯᠬᠦ ᠳᠡᠭᠡᠨ᠂ ᠦᠵᠡᠯ | ᠰᠠᠨᠠᠭ᠎ᠠ ᠪᠠᠷ ᠨᠠᠮ ᠪᠠᠶᠢᠭᠤᠯᠬᠤ᠂ ᠤᠨᠤᠯ ᠢᠶᠠᠷ ᠨᠠᠮ ᠢᠶᠠᠨ ᠬᠦᠴᠦᠷᠭᠡᠭᠵᠢᠬᠦᠯᠬᠦ ᠶᠢ ᠪᠠᠷᠢᠮᠳᠠᠯᠠᠵᠤ᠂ ᠪᠦᠬᠦ | ᠨᠠᠮ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠬᠤ ᠭᠡᠷᠡᠭᠳᠠᠢ︔ ᠰᠢᠨ᠎ᠡ | ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠲᠤᠭᠤᠰᠢᠯᠠᠭᠤᠯᠵᠤ᠂ ᠨᠠᠮ ᠤᠨ | ᠲᠡᠷᠢᠬᠦᠨ ᠤ ᠴᠢᠨᠠᠷ ᠢ ᠨᠦᠯᠦᠭᠡᠯᠡᠬᠦ᠂ ᠨᠠᠮ ᠤᠨ ᠴᠡᠪᠡᠷ ᠴᠢᠨᠠᠷ ᠢ ᠰᠤᠯᠠᠷᠠᠭᠤᠯᠬᠤ ᠠᠯᠢᠪᠠ ᠠᠰᠠᠭᠤᠳᠠᠯ ᠲᠠᠢ ᠡᠷᠡᠰ | ᠲᠠᠮᠠᠴᠡᠯ ᠶᠠᠪᠤᠭᠤᠯᠵᠥ᠂ ᠮᠠᠨ ᠤ ᠨᠠᠮ ᠢᠶᠠᠨ ᠨᠡᠩ ᠪᠠᠳᠤ ᠴᠢᠩᠭ᠎ᠠ ᠬᠦᠴᠦᠨ ᠲᠡᠭᠦᠯᠳᠡᠷ ᠪᠤᠯᠭᠠᠨ ᠪᠠᠶᠢᠭᠤᠯᠬᠤ ᠪᠠᠷ | ᠴᠢᠷᠮᠠᠶᠢᠬᠤ ᠭᠡᠷᠡᠭᠳᠠᠢ︔ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠤᠯᠠᠨ ᠲᠦᠮᠡᠨ ᠤ ᠦᠵᠡᠯᠳᠠ | ᠪᠤᠯᠤᠨ ᠤᠯᠠᠨ ᠲᠦᠮᠡᠨᠴᠢ ᠱᠤᠭᠤᠮ ᠢ ᠦᠵᠡᠯ ᠰᠠᠨᠠᠭ᠎ᠠ ᠳᠠᠭᠠᠨ ᠭᠦᠨ ᠬᠠᠳᠠᠩᠰᠢᠭᠤᠯᠵᠤ᠂ ᠪᠤᠳᠠᠳᠠᠢ ᠦᠢᠯᠡ | ᠠᠵᠢᠯᠯᠠᠭ᠎ᠠ ᠳᠡᠭᠡᠷ᠎ᠠ ᠪᠠᠨ ᠨᠠᠶᠢᠳᠠᠪᠤᠷᠢᠵᠢᠭᠤᠯᠵᠤ᠂ ᠨᠠᠮ ᠤᠨ ᠲᠦᠷᠦ ᠪᠠᠷᠢᠬᠤ ᠠᠩᠭᠢ ᠶᠢᠨ ᠰᠠᠭᠤᠷᠢ ᠪᠡ ᠤᠯᠠᠨ | ᠲᠦᠮᠠᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠬᠦ ᠭᠡᠷᠡᠭᠳᠠᠢ︔ ᠪᠦᠬᠦ ᠨᠠᠮ ᠤᠨ ᠨᠦᠬᠦᠳ ᠤᠨ ᠡᠬᠦᠷᠭᠡ | ᠬᠠᠷᠢᠭᠤᠴᠠᠯᠭ᠎ᠠ ᠪᠠᠨ ᠵᠤᠷᠢᠬᠳᠠᠢ ᠪᠠᠷ ᠡᠬᠦᠷᠭᠡᠯᠡᠬᠦ ᠶᠢ ᠲᠠᠭᠠᠭᠤᠯᠵᠤ᠂ ᠠᠵᠢᠯ ᠬᠢᠵᠤ ᠦᠢᠯᠡᠰ ᠪᠤᠰᠬᠠᠬᠤ ᠴᠤᠭ | ᠰᠦᠯᠳᠠ ᠶᠢ ᠨᠢ ᠪᠠᠳᠠᠷᠠᠭᠤᠯᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ | ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ᠂ ᠤᠨᠴᠠᠭᠠᠶᠢᠯᠠᠨ ᠴᠢᠨᠡᠭᠡᠯᠢᠭ ᠨᠡᠶᠢᠭᠡᠮ ᠢ | ᠪᠦᠬᠦ ᠲᠠᠯ᠎ᠡ ᠪᠠᠷ ᠪᠠᠶᠠᠯᠡᠬᠦᠯᠬᠦ ᠡᠯ᠎ᠡ ᠵᠦᠢᠯ ᠤᠨ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ ᠭᠡᠵᠤ | ᠴᠢᠬᠤᠯᠠᠴᠢᠯᠠᠪᠠ᠃ | ᠬᠤᠷᠠᠯ ᠠᠴᠠ᠂ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠤ ᠬᠦᠮᠦᠵᠢᠯ ᠦᠷᠨᠢᠭᠦᠯᠬᠦ ᠶᠢᠨ ᠦᠨᠳᠦᠰᠦᠨ ᠡᠭᠦᠷᠭᠡ ᠪᠤᠯ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠡᠭᠦᠷᠭᠡᠯᠡᠯ ᠲᠠᠢ ᠤᠯᠤᠰ ᠲᠦᠷᠦ ᠶᠢᠨ | ᠬᠡᠪ ᠴᠢᠨᠠᠷ ᠢ ᠳᠠᠪᠳᠠᠨ ᠪᠤᠯᠪᠠᠰᠤᠷᠠᠭᠤᠯᠵᠤ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠪᠠᠷ ᠬᠠᠮᠳᠦ ᠪᠠᠷ ᠲᠡᠮᠡᠴᠡᠬᠦ ᠶᠠᠪᠤᠳᠠᠯ | ᠪᠤᠯᠤᠨ᠎ᠠ᠃ ᠲᠤᠰ ᠤᠳᠠᠭ᠎ᠠ ᠶᠢᠨ ᠭᠤᠤᠯ ᠰᠡᠳᠦᠪᠳᠤ ᠬᠦᠮᠦᠵᠢᠯ ᠳᠤ ᠤᠭ ᠰᠠᠨᠠᠭ᠎ᠠ ᠪᠠᠨ ᠪᠠᠷᠢᠮᠳᠠᠯᠠᠵᠤ᠂ | ᠬᠠᠷᠢᠭᠤᠴᠠᠯᠭ᠎ᠠ ᠡᠭᠦᠷᠭᠡᠯᠡᠨ᠂ ᠵᠦᠷᠢᠶ᠎ᠠ ᠪᠠᠨ ᠡᠷᠢᠵᠤ᠂ ᠨᠠᠶᠢᠳᠠᠪᠤᠷᠢᠵᠢᠭᠤᠯᠤᠯᠳᠠ ᠶᠢ ᠠᠳᠬᠤᠬᠤ ᠶᠡᠷᠦᠩᠬᠡᠢ | ᠱᠠᠭᠠᠷᠳᠠᠯᠭ᠎ᠠ ᠶᠢ ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠳᠤ ᠤᠯᠤᠯᠳᠠ ᠲᠠᠢ᠂ ᠦᠵᠡᠯ ᠰᠠᠨᠠᠭ᠎ᠠ ᠤᠯᠤᠰ | ᠲᠦᠷᠦ ᠶᠢᠨ ᠲᠠᠯ᠎ᠠ ᠪᠠᠷ ᠳᠠᠪᠳᠠᠭᠳᠠᠨ ᠪᠤᠯᠪᠠᠰᠤᠷᠠᠵᠤ᠂ ᠠᠵᠢᠯ ᠬᠢᠵᠤ ᠦᠢᠯᠡᠰ ᠪᠤᠰᠬᠠᠬᠤ ᠳᠠᠭᠠᠨ ᠵᠤᠷᠢᠭᠳᠠᠢ ᠪᠠᠷ | ᠬᠠᠷᠢᠭᠤᠴᠠᠯᠭ᠎ᠠ ᠡᠭᠦᠷᠭᠡᠯᠡᠵᠤ᠂ ᠠᠷᠠᠳ ᠲᠦᠮᠡᠨ ᠳᠤ ᠦᠢᠯᠡᠴᠢᠯᠡᠨ ᠬᠦᠴᠢᠷᠳᠡᠯ ᠢ ᠨᠢ ᠰᠢᠢᠳᠪᠦᠷᠢᠯᠡᠵᠤ᠂ ᠠᠷᠢᠭᠤᠨ | ᠴᠢᠭᠡᠴᠢ ᠶᠢᠨ ᠲᠠᠯ᠎ᠠ ᠪᠠᠷ ᠬᠡᠪ ᠳᠠᠭᠤᠷᠢᠶᠠᠯ ᠪᠤᠯᠬᠤ ᠬᠠᠷᠠᠯᠳᠠ ᠳᠤ ᠬᠦᠷᠬᠦ ᠬᠡᠷᠡᠭᠳᠠᠢ᠃ ᠬᠡᠯᠪᠡᠷᠢᠴᠢ ᠦᠵᠡᠯ᠂ | ᠨᠤᠶᠠᠨᠴᠢ ᠰᠤᠷᠳᠠᠯ ᠢ ᠴᠢᠷᠮᠠᠶᠢᠨ ᠠᠷᠢᠯᠭᠠᠬᠤ ᠪᠠᠷ ᠭᠤᠤᠯ ᠰᠡᠳᠦᠪᠳᠤ ᠬᠦᠮᠦᠵᠢᠯ ᠤᠨ ᠴᠢᠬᠤᠯᠠ ᠠᠭᠤᠯᠭ᠎ᠠ ᠪᠠᠨ | ᠪᠤᠯᠭᠠᠨ᠂ ᠨᠠᠮ ᠤᠨ ᠭᠡᠰᠢᠭᠦᠨ ᠺᠠᠳ᠋ᠷ ᠤᠨ ᠨᠠᠮ ᠤᠨ ᠵᠤᠷᠢᠯᠳᠠ ᠶᠢ ᠪᠠᠳᠤ ᠴᠡᠭᠡᠵᠢᠯᠡᠵᠤ᠂ ᠦᠨᠡᠨ ᠠᠴᠠ ᠵᠦᠪ ᠢ ᠡᠷᠢᠬᠦ | ᠦᠵᠡᠯ ᠰᠠᠨᠠᠭᠠᠨ ᠤ ᠱᠤᠭᠤᠮ ᠢ ᠪᠠᠷᠢᠮᠳᠠᠯᠠᠨ᠂ ᠠᠵᠢᠯ ᠤᠨ ᠪᠦᠳᠦᠮᠵᠢ ᠶᠢᠨ ᠲᠤᠬᠠᠢ ᠵᠦᠪ ᠦᠵᠡᠯᠳᠡ ᠶᠢ ᠪᠤᠢ | ᠪᠤᠯᠭᠠᠨ᠂ ᠦᠨᠡᠨ ᠬᠦ ᠠᠳᠬᠤᠨ ᠪᠤᠳᠠᠳᠠᠢ ᠠᠵᠢᠯᠯᠠᠵᠤ᠂ ᠰᠤᠷᠳᠠᠯ ᠢᠶᠠᠨ ᠬᠤᠪᠢᠷᠠᠭᠤᠯᠬᠤ ᠶᠢ ᠬᠦᠮᠦᠵᠢᠭᠦᠯᠦᠨ | ᠵᠢᠯᠤᠭᠤᠳᠬᠤ ᠬᠡᠷᠡᠭᠳᠠᠢ᠃ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂ ᠠᠰᠠᠭᠤᠳᠠᠯ ᠢᠶᠠᠨ ᠪᠠᠶᠢᠴᠠᠭᠠᠨ | ᠰᠢᠨᠵᠢᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠳᠠᠢ | ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠡᠭᠡᠳᠦ | ᠬᠡᠮᠵᠢᠶ᠎ᠠ ᠪᠠᠷ ᠴᠢᠬᠤᠯᠠᠴᠢᠯᠠᠨ ᠨᠠᠷᠢᠯᠢᠭ ᠵᠤᠬᠢᠶᠠᠨ ᠪᠠᠶᠢᠭᠤᠯᠵᠤ᠂ ᠨᠠᠮ ᠤᠨ ᠬᠤᠷᠢᠶᠠᠨ ︵ᠨᠠᠮ ᠤᠨ ᠤᠳᠤᠷᠢᠳᠬᠤ | ᠳᠤᠭᠤᠶᠢᠯᠠᠩ︶ ᠤ ᠭᠤᠤᠯ ᠤᠳᠤᠷᠢᠳᠬᠤ ᠨᠦᠬᠦᠳ ᠨᠢᠭᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠪᠠᠨ | ᠭᠦᠢᠴᠡᠳᠭᠡᠬᠦ ᠬᠡᠷᠡᠭᠳᠠᠢ᠃ ᠤᠳᠤᠷᠢᠳᠬᠤ ᠪᠠᠶᠢᠭᠤᠯᠭ᠎ᠠ᠂ ᠤᠳᠤᠷᠢᠳᠬᠤ ᠺᠠᠳ᠋ᠷ ᠡᠩ ᠲᠡᠷᠢᠭᠦᠨ ᠳᠤ ᠲᠤᠰ ᠪᠡᠶ᠎ᠠ ᠶᠢᠨ | ᠬᠦᠮᠦᠵᠢᠯ ᠢᠶᠠᠨ ᠰᠠᠶᠢᠳᠤᠷ ᠠᠳᠬᠤᠵᠤ᠂ ᠬᠡᠪ ᠳᠠᠭᠤᠷᠢᠶᠠᠯ ᠦᠵᠡᠭᠦᠯᠬᠦ ᠬᠡᠷᠡᠭᠳᠠᠢ᠃ ᠭᠤᠤᠯ ᠰᠡᠳᠦᠪᠳᠤ ᠬᠦᠮᠦᠵᠢᠯ | ᠦᠷᠨᠢᠭᠦᠯᠬᠦ ᠶᠢ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠦᠮᠦᠵᠢᠯ ᠢ | ᠪᠠᠶᠢᠩᠭᠤᠵᠢᠭᠤᠯᠬᠤ ᠳᠦᠷᠢᠮᠵᠢᠭᠦᠯᠬᠦ ᠲᠠᠢ ᠤᠶᠠᠯᠳᠤᠭᠤᠯᠵᠤ᠂ ᠡᠯ᠎ᠠ ᠵᠦᠢᠯ ᠤᠨ ᠠᠶᠤᠯ ᠲᠦᠭᠰᠢᠭᠦᠷᠢ | ᠦᠷᠢᠰᠦᠯᠳᠦᠭᠡᠨ ᠢ ᠠᠷᠭᠠᠴᠠᠭᠠᠬᠤ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠪᠠᠶᠢᠭᠤᠯᠭ᠎ᠠ | ᠨᠢᠭᠡᠴᠢ ᠶᠢᠨ ᠭᠤᠤᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ︽ᠬᠤᠶᠠᠷ ᠵᠦᠢᠯ ᠤᠨ ᠪᠠᠶᠢᠳᠠᠯ︾ ᠢᠯᠡᠷᠡᠬᠦ ᠶᠢ | ᠰᠡᠷᠭᠡᠶᠢᠯᠡᠬᠦ ᠬᠡᠷᠡᠭᠳᠠᠢ᠃ ᠰᠠᠶᠢᠨ ᠰᠠᠶᠢᠬᠠᠨ ᠰᠤᠷᠲᠠᠯ ᠢᠶᠠᠷ ᠭᠤᠤᠯ ᠰᠡᠲᠦᠪᠲᠦ ᠬᠦᠮᠦᠵᠢᠯ ᠢ ᠥᠷᠨᠢᠬᠦᠯᠵᠦ᠂ | ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠲᠡᠢ᠃ ᠤᠲᠤᠷᠢᠳᠬᠤ ᠺᠠᠳ᠋ᠷ ᠤᠨ ᠲᠤᠰ ᠪᠡᠶ᠎ᠠ ᠶᠢᠨ ᠬᠡᠪ | ᠪᠤᠯᠪᠠᠰᠤᠷᠠᠯ ᠤᠨ ᠳᠡᠭᠡᠭᠰᠢᠯᠡᠯᠳᠡ᠂ ᠠᠰᠠᠭᠤᠲᠠᠯ ᠢ ᠰᠢᠢᠳᠪᠦᠷᠢᠯᠡᠭᠰᠡᠨ ᠦᠷ᠎ᠠ ᠪᠦᠲᠦᠮᠵᠢ᠂ ᠤᠯᠠᠠ ᠲᠦᠮᠡᠡ ᠤ | ᠦᠨᠡᠯᠡᠯᠲᠡ ᠲᠤᠰᠬᠠᠯ ᠵᠡᠷᠭᠡ ᠲᠠᠯ᠎ᠠ ᠪᠠᠷ ᠭᠤᠤᠯ ᠰᠡᠲᠦᠪᠲᠦ ᠬᠦᠮᠦᠵᠢᠯ ᠤᠨ ᠠᠮᠵᠢᠯᠲᠠ ᠪᠦᠲᠦᠮᠵᠢ ᠳᠤ ᠦᠨᠡᠯᠡᠯᠲᠡ | ᠬᠢᠬᠦ ᠭᠡᠷᠡᠭᠲᠡᠢ᠃ ᠲᠦᠷᠢᠮ ᠢᠶᠠᠨ ᠪᠦᠷᠢᠨᠰᠢᠭᠦᠯᠦᠨ ᠲᠡᠭᠦᠯᠲᠡᠷᠵᠢᠭᠦᠯᠵᠦ᠂ ᠭᠤᠤᠯ ᠰᠡᠲᠦᠪᠲᠦ ᠬᠦᠮᠦᠵᠢᠯ ᠤᠨ ᠳᠤᠮᠳᠠ | ᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠡᠮᠵᠢᠶ᠎ᠠ ᠶᠢ ᠲᠦᠷᠢᠮ ᠤᠨ ᠬᠡᠯᠪᠡᠷᠢ ᠪᠠᠷ ᠰᠠᠶᠢᠲᠤᠷ ᠭᠡᠷᠡᠭᠯᠡᠵᠦ᠂ | ᠰᠠᠶᠢᠲᠤᠷ ᠪᠠᠷᠢᠮᠲᠠᠯᠠᠬᠤ ᠭᠡᠷᠡᠭᠲᠡᠢ ᠭᠡᠵᠦ ᠱᠠᠭᠠᠷᠲᠠᠪᠠ᠃ | ᠬᠤᠷᠠᠯ ᠠᠴᠠ᠂ ᠬᠦᠬᠡᠮᠦ᠋ᠷᠠᠠ ᠤ ᠭᠤᠷᠪᠠᠯᠵᠢᠠ ᠬᠤᠶᠢᠭ ᠪᠤᠯ ᠮᠠᠠ ᠤ ᠤᠯᠤᠰ ᠤᠨ ᠠᠵᠦ ᠠᠬᠤᠢ ᠶᠢᠨ | ᠬᠦᠭᠵᠢᠯᠲᠠ ᠪᠠᠷ ᠬᠠᠮᠤᠭ ᠤᠨ ᠬᠦᠭᠵᠢᠶᠠᠠᠲᠠᠢ᠂ ᠨᠡᠭᠡᠭᠡᠯᠲᠡ ᠬᠢᠭᠰᠡᠨ ᠬᠡᠮᠵᠢᠶ᠎ᠠ ᠪᠠᠷ ᠬᠠᠮᠤᠭ ᠤᠨ ᠦᠨᠲᠦᠷ᠂ | ᠰᠢᠨ᠎ᠠ ᠶᠢ ᠡᠭᠦᠳᠬᠦ ᠴᠢᠲᠠᠪᠤᠷᠢ ᠪᠠᠷ ᠬᠠᠮᠤᠭ ᠤᠨ ᠴᠢᠩᠭ᠎ᠠ ᠤᠷᠤᠨ ᠪᠦᠰᠡ ᠶᠢᠨ ᠨᠢᠭᠡ ᠪᠤᠯᠤᠨ᠎ᠠ᠂ ᠪᠦᠬᠦ ᠤᠯᠤᠰ ᠤᠨ | ᠠᠵᠦ ᠠᠬᠤᠢ ᠳᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ ᠬᠦᠬᠡᠮᠦ᠋ᠷᠠᠠ ᠤ ᠭᠤᠷᠪᠠᠯᠵᠢᠨ ᠬᠤᠶᠢᠭ ᠢ ᠨᠢᠭᠡ | ᠴᠤᠭᠴᠠᠵᠢᠭᠤᠯᠤᠨ ᠬᠦᠭᠵᠢᠭᠦᠯᠬᠦ ᠨᠢ ᠲᠦᠢᠯ ᠤᠨ ᠶᠡᠭᠡ ᠤᠷᠤᠨ ᠪᠦᠰᠡ ᠶᠢᠨ ᠳᠠᠶᠢᠴᠢᠯᠠᠨ ᠲᠠᠭᠠᠭᠤᠯᠬᠤ ᠪᠠ ᠵᠢᠱᠢᠶ᠎ᠠ | ᠦᠵᠡᠭᠦᠯᠬᠦ ᠦᠢᠯᠡᠲᠦᠯ ᠲᠠᠢ ᠶᠤᠮ᠂ ︽ᠨᠢᠭᠡ ᠴᠤᠭᠴᠠᠵᠢᠭᠤᠯᠤᠯᠳᠠ︾ ᠪᠤᠯᠤᠨ ︽ᠴᠢᠨᠠᠷ ᠰᠠᠶᠢᠲᠠᠢ ᠬᠦᠭᠵᠢᠯᠲᠠ︾ | ᠬᠡᠬᠦ ᠬᠤᠶᠠᠷ ᠵᠠᠩᠭᠢᠯᠠᠭ᠎ᠠ ᠶᠢ ᠴᠢᠩᠭ᠎ᠠ ᠡᠵᠡᠮᠳᠡᠵᠦ᠂ ᠪᠦᠬᠦ᠋ᠢᠯᠡ ᠬᠦᠬᠡᠮᠦ᠋ᠷᠠᠠ ᠤ ᠠᠵᠦ ᠠᠬᠤᠢ ᠶᠢᠨ ᠪᠦᠰᠡ ᠪᠤᠯᠤᠨ | ᠳᠤᠷᠤᠨᠠᠳᠦ ᠤᠷᠤᠨ ᠤ ᠬᠦᠭᠵᠢᠯᠲᠠ ᠶᠢ ᠲᠠᠶᠢᠴᠢᠯᠠᠨ᠂ ᠴᠢᠨᠠᠷ ᠰᠠᠶᠢᠲᠠᠢ ᠬᠦᠭᠵᠢᠯᠲᠠ ᠶᠢᠨ ᠤᠷᠤᠨ ᠪᠦᠰᠡ ᠶᠢᠨ | ᠰᠦᠷᠦᠭᠵᠢᠯ ᠢ ᠪᠦᠷᠢᠯᠲᠦᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠬᠦᠭᠡᠮᠦ᠋ᠷᠠᠠ ᠤ ᠭᠤᠷᠪᠠᠯᠵᠢᠨ ᠬᠤᠶᠢᠭ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ | ᠤᠯᠤᠰ ᠤᠨ ᠪᠠᠶᠢᠯᠲᠤᠬᠤ ᠪᠤᠲᠤᠯᠭ᠎ᠠ ᠪᠤᠯᠭᠠᠠ ᠲᠡᠭᠡᠭᠰᠢᠯᠡᠭᠦᠯᠬᠦ ᠪᠤᠯ ᠨᠠᠮ ᠤᠨ ᠲᠦᠪ ᠬᠤᠷᠢᠶᠠᠠ ᠤ ᠭᠠᠷᠭᠠᠭᠰᠠᠨ | ᠴᠢᠬᠤᠯᠠ ᠶᠡᠭᠡ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠪᠤᠯᠤᠨ᠎ᠠ᠃ ᠲᠤᠭᠲᠠᠭᠤᠨ ᠤ ᠲᠤᠮᠲᠠ ᠤᠷᠤᠭᠰᠢᠯᠠᠠ | ᠲᠠᠪᠰᠢᠬᠤ ᠶᠢ ᠪᠠᠷᠢᠮᠲᠠᠯᠠᠵᠦ᠂ ᠠᠰᠠᠭᠤᠲᠠᠯ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠭᠤᠤᠯᠲᠠᠯᠭ᠎ᠠ ᠪᠠ | ᠵᠠᠩᠭᠢᠯᠠᠭ᠎ᠠ ᠶᠢ ᠠᠳᠬᠤᠬᠤ ᠬᠡᠷᠡᠭᠲᠡᠢ᠃ ︽ᠨᠢᠭᠡ ᠴᠤᠭᠴᠠᠵᠢᠭᠤᠯᠬᠤ︾ ᠤᠬᠠᠮᠰᠠᠷ ᠪᠤᠯᠤᠨ ︽ᠨᠢᠭᠡ ᠬᠦᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠤᠯᠭᠠᠠ᠂ ᠭᠤᠤᠯᠲᠠᠯᠭ᠎ᠠ ᠲᠠᠢ ᠬᠦᠷᠢᠶᠡᠨ ᠤ ᠨᠢᠭᠡ ᠴᠤᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠦ᠂ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠬᠤ ᠶᠢ | ᠴᠢᠩᠭᠠᠳᠬᠠᠨ᠂ ᠤᠲᠤᠬᠢᠴᠢᠯᠠᠭᠰᠠᠠ ᠠᠵᠦ ᠠᠬᠤᠢ ᠶᠢᠨ ᠰᠢᠰᠲ᠋ᠧᠮ ᠢ ᠪᠠᠶᠢᠭᠤᠯᠵᠦ᠂ ᠠᠵᠦ ᠦᠢᠯᠡᠰ ᠤᠨ | ᠬᠡᠯᠬᠢᠶ᠎ᠠ ᠶᠢᠨ ᠲᠦᠪᠰᠢᠨ ᠢ ᠲᠡᠭᠡᠭᠰᠢᠯᠡᠭᠦᠯᠬᠦ ᠬᠡᠷᠡᠭᠲᠡᠢ᠃ ᠡᠷᠴᠢᠮᠳᠠᠢ ᠡᠮᠬᠢ ᠲᠠᠷᠠᠭ᠎ᠠ ᠲᠠᠢ ᠪᠦᠲᠦᠮᠵᠢᠲᠠᠢ ᠪᠠᠷ | ᠠᠬᠢᠭᠤᠯᠵᠦ᠂ ᠨᠢᠭᠡᠲᠦᠯᠲᠡᠢ ᠲᠦᠯᠦᠪᠵᠢᠭᠦᠯᠦᠨ ᠵᠤᠬᠢᠴᠠᠭᠤᠯᠬᠤ᠂ ᠨᠠᠷᠢᠯᠢᠭ ᠨᠠᠶᠢᠲᠠᠪᠤᠷᠢᠵᠢᠭᠤᠯᠬᠤ ᠶᠢ ᠰᠠᠶᠢᠳᠦᠷ | ᠠᠳᠬᠤᠨ᠂ ︽ᠲᠦᠯᠦᠪᠵᠢᠭᠦᠯᠭᠡ ᠶᠢᠨ ᠬᠦᠲᠦᠯᠪᠦᠷᠢ︾ ᠳᠤ ᠲᠤᠭᠲᠠᠭᠠᠭᠰᠠᠠ ᠡᠯ᠎ᠠ ᠵᠦᠢᠯ ᠤᠨ ᠡᠬᠦᠷᠭᠡ ᠶᠢ ᠰᠠᠯᠭᠠᠠ | ᠨᠠᠶᠢᠲᠠᠪᠤᠷᠢᠵᠢᠭᠤᠯᠵᠦ᠂ ᠬᠠᠷᠢᠭᠤᠴᠠᠯᠭ᠎ᠠ ᠶᠢᠨ ᠭᠤᠤᠯ ᠴᠤᠭᠴᠠ ᠶᠢ ᠲᠤᠲᠤᠷᠬᠠᠶᠢᠯᠠᠬᠤ ᠭᠡᠷᠡᠭᠲᠡᠢ᠃ ᠱᠠᠩᠬᠠᠢ᠂ | ᠵᠢᠶᠠᠩᠰᠦ᠂ ᠵᠧᠵᠢᠶᠠᠩ᠂ ᠠᠠᡁᠦ᠋ᠢ ᠶᠢᠨ ᠬᠢᠨ ᠨᠢᠭᠡ ᠴᠤᠭᠴᠠᠵᠢᠭᠤᠯᠤᠯᠳᠠ ᠶᠢᠨ ᠤᠬᠠᠮᠰᠠᠷ ᠢᠶᠠᠨ ᠲᠠᠬᠡᠭᠰᠢᠯᠡᠬᠦᠯᠵᠤ᠂ | ᠡᠯ᠎ᠠ ᠬᠦᠷᠢᠶᠡᠡ ᠳᠠᠬᠢ ᠬᠤᠷᠰᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠦᠬᠡᠮᠦ᠋ᠷᠠᠠ ᠤ ᠭᠤᠷᠪᠠᠯᠵᠢᠠ | ᠬᠤᠶᠢᠭ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠯᠠᠪᠲᠠᠭᠤᠨ ᠪᠠᠳᠤᠳᠠᠢ ᠪᠠᠷ ᠠᠬᠢᠭᠤᠯᠬᠤ ᠭᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |