ᠮᠠᠨ ᠤ ᠬᠤᠰᠢᠭᠤ ᠪᠦᠲᠦᠮᠵᠢᠳᠠᠢ ᠠᠷᠭ᠎ᠠ ᠪᠠᠷ ᠬᠤᠷᠤᠬᠠᠢ ᠶᠢᠨ ᠬᠦᠨᠤᠬᠡᠯ ᠢ ᠨᠠᠮᠳᠠᠭᠠᠵᠦ ᠪᠠᠶᠢᠨ᠎ᠠ
ᠨᠡᠶᠢᠲᠡᠯᠡᠭᠰᠡᠨ ᠴᠠᠭ᠄
2019-05-16
     ᠬᠤᠷᠤᠬᠠᠢ ᠶᠢᠨ ᠬᠦᠨᠤᠬᠡᠯ ᠡᠬᠦᠰᠦᠭᠰᠡᠨ ᠤ ᠲᠠᠷᠠᠭ᠎ᠠ ᠮᠠᠨ ᠤ ᠬᠤᠰᠢᠭᠤᠨ ᠤ ᠬᠢᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠤᠷᠤᠬᠠᠢ ᠶᠢᠨ ᠬᠦᠨᠦᠬᠡᠯ ᠢ ᠵᠠᠰᠠᠨ ᠰᠡᠷᠬᠡᠶᠢᠯᠡᠬᠦ ᠣᠳᠤᠷᠢᠳᠬᠤ ᠪᠠᠭ᠎ᠠ ᠲᠤᠭᠤᠶᠢᠯᠠᠩ ᠢ ᠪᠠᠶᠢᠭᠤᠯᠤᠨ ᠮᠠᠯᠴᠢᠳ ᠲᠠᠢ ᠢᠳᠡᠪᠬᠢᠳᠡᠢ ᠬᠠᠷᠢᠯᠴᠠᠨ ᠮᠠᠰᠢᠨ ᠲᠤᠨᠤᠭᠯᠠᠯ ᠡᠮ ᠪᠤᠳᠠᠰ ᠬᠠᠩᠭᠠᠨ ᠲᠤᠰᠬᠠᠢ ᠠᠵᠢᠯᠴᠢᠳ ᠢ ᠵᠤᠬᠢᠶᠠᠨ ᠪᠠᠶᠢᠭᠤᠯᠤᠨ ᠬᠦᠨᠤᠭᠡᠯᠳᠤ ᠬᠤᠷᠤᠬᠠᠢ ᠶᠢ ᠣᠰᠠᠳᠬᠠᠬᠤ ᠠᠵᠢᠯ ᠢ ᠡᠷᠴᠢᠮᠳᠠᠢ ᠬᠢᠵᠦ ᠪᠠᠶᠢᠨ᠎ᠠ      ᠦᠤᠰᠢᠨᠵᠤᠤ ᠪᠠᠯᠭᠠᠰᠤᠨ ᠤ ᠴᠠᠭᠠᠠᠰᠥ᠋ᠮ᠎ᠠ ᠭᠠᠴᠠᠭ᠎ᠠ ᠪᠤᠯ ᠡᠨᠡ ᠣᠳᠠᠭ᠎ᠠ ᠶᠢᠨ ᠬᠤᠷᠤᠬᠠᠢ ᠶᠢᠨ ᠬᠦᠨᠤᠬᠡᠯ ᠬᠠᠮᠤᠭ ᠡᠷᠳᠡ ᠡᠬᠦᠰᠦᠭᠰᠡᠨ ᠭᠠᠵᠠᠷ ᠪᠤᠯᠬᠤᠷ ᠲᠤᠰ ᠭᠠᠵᠠᠷ ᠤᠨ ᠬᠤᠷᠤᠬᠠᠢ ᠶᠢᠨ ᠬᠦᠨᠤᠬᠡᠯ ᠢ ᠨᠠᠮᠳᠠᠭᠠᠬᠤ ᠠᠵᠢᠯ ᠡᠮᠤᠨ᠎ᠡ ᠬᠡᠳᠤᠨ ᠡᠳᠤᠷ ᠲᠤ ᠨᠢᠭᠡᠨᠳᠡ ᠡᠬᠢᠯᠡᠭᠰᠡᠨ ᠠᠴᠠ ᠣᠳᠤᠬᠠᠨ ᠳᠤ ᠬᠡᠰᠡᠭ ᠮᠠᠯᠴᠢᠳ ᠤᠨ ᠪᠡᠯᠴᠢᠬᠡᠷ ᠳᠠᠬᠢ ᠬᠤᠷᠤᠬᠠᠢ ᠶᠢᠨ ᠬᠦᠨᠤᠬᠡᠯ ᠢ ᠪᠦᠲᠦᠮᠵᠢᠳᠠᠢ ᠨᠠᠮᠳᠠᠭᠠᠵᠦ ᠴᠢᠳᠠᠭᠰᠠᠨ ᠪᠠᠶᠢᠨ᠎ᠠ᠃      ᠬᠤᠷᠤᠬᠠᠢ ᠶᠢᠨ ᠬᠦᠨᠤᠬᠡᠯ ᠢ ᠪᠦᠲᠦᠮᠵᠢᠳᠠᠢ ᠵᠠᠰᠠᠨ ᠰᠡᠷᠬᠡᠶᠢᠯᠡᠬᠦ ᠪᠠᠷ ᠮᠠᠨ ᠤ ᠬᠤᠰᠢᠭᠤᠨ ᠤ ᠬᠢᠨ ᠨᠢᠭᠡ ᠲᠠᠯ᠎ᠠ ᠪᠠᠷ ᠮᠠᠯᠴᠢᠳ ᠲᠠᠢ ᠢᠳᠡᠪᠬᠢᠳᠠᠢ ᠬᠠᠷᠢᠯᠴᠠᠨ ᠲᠤᠰᠬᠠᠢ ᠠᠵᠢᠯᠳᠠᠨ ᠲᠤᠮᠢᠯᠠᠨ ᠡᠯ᠎ᠡ ᠭᠠᠴᠠᠭ᠎ᠠ ᠪᠠᠷᠢᠭᠠᠳᠠ ᠶᠢᠨ ᠬᠠᠷᠢᠭᠤᠴᠠᠯᠭᠠᠳᠠᠨ ᠲᠠᠢ ᠬᠠᠮᠳᠤ ᠪᠠᠷ ᠮᠡᠳᠡᠬᠦᠯᠦᠯᠳᠡ ᠬᠢᠭᠰᠡᠨ ᠠᠶᠢᠯ ᠡᠷᠤᠬᠡ ᠪᠠᠷ ᠬᠦᠨᠵᠡᠬᠡᠶᠢᠷᠡᠨ ᠬᠤᠷᠤᠬᠠᠢ ᠶᠢᠨ ᠬᠦᠨᠤᠬᠡᠯ ᠤᠨ ᠪᠠᠶᠢᠳᠠᠯ ᠢ ᠣᠨᠤᠪᠴᠢᠳᠠᠢ ᠣᠶᠢᠯᠠᠭᠠᠨ ᠡᠵᠡᠮᠰᠢᠬᠦ ᠶᠢᠨ ᠲᠠᠭᠠᠤ ᠨᠥᠬᠦᠬᠡ ᠲᠠᠯ᠎ᠠ ᠪᠠᠷ ᠲᠤᠰᠬᠠᠢ ᠠᠵᠢᠯᠴᠢᠨ ᠢ ᠵᠤᠬᠢᠶᠠᠨ ᠪᠠᠶᠢᠭᠤᠯᠤᠨ ᠮᠠᠰᠢᠨ ᠲᠤᠨᠤᠭᠯᠠᠯ ᠡᠮ ᠪᠤᠳᠠᠰ ᠶᠢ ᠪᠦᠷᠢᠨ ᠬᠠᠩᠭᠠᠵᠦ ᠬᠦᠨᠤᠬᠡᠯᠳᠤ ᠬᠤᠷᠤᠬᠠᠢ  ᠶᠢ ᠣᠰᠠᠳᠬᠠᠬᠤ ᠬᠤᠶᠠᠷ ᠪᠠᠭ᠎ᠠ ᠲᠤᠭᠤᠶᠢᠯᠠᠩ ᠵᠤᠬᠢᠶᠠᠨ ᠪᠠᠶᠢᠭᠤᠯᠤᠨ ᠮᠠᠯᠴᠢᠳ ᠲᠠᠢ ᠢᠳᠡᠪᠬᠢᠳᠠᠢ ᠬᠠᠮᠵᠢᠯᠴᠠᠨ ᠶᠠᠭᠠᠷᠠᠯᠳᠠᠢ ᠠᠵᠢᠯᠯᠠᠵᠦ ᠪᠠᠶᠢᠨ᠎ᠠ᠃ ᠡᠬᠦᠨ ᠠᠴᠠ ᠭᠠᠳᠠᠨ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠬᠤᠷᠤᠬᠠᠢ ᠶᠢᠨ ᠬᠦᠨᠤᠬᠡᠯ ᠤᠨ ᠪᠠᠶᠢᠳᠠᠯ ᠢ ᠴᠠᠭ ᠲᠤᠬᠠᠢ ᠳᠤ ᠠᠩᠬᠠᠷᠤᠨ ᠡᠵᠡᠮᠳᠡᠵᠦ ᠮᠠᠰᠢᠨ ᠮᠧᠬᠠᠨᠢᠭ ᠬᠦᠷᠴᠤ ᠴᠢᠳᠠᠬᠤ ᠦᠭᠡᠢ ᠭᠠᠵᠠᠷ ᠪᠤᠶᠤ ᠬᠡᠪᠴᠢᠶ᠎ᠠ ᠪᠠᠷ ᠪᠠᠭ᠎ᠠ ᠭᠠᠵᠠᠷ ᠣᠷᠤᠨ ᠤ ᠮᠠᠯᠴᠢᠳ ᠲᠤ ᠬᠦᠨᠤᠭᠡᠯᠳᠤ ᠬᠤᠷᠤᠬᠠᠢ ᠶᠢ ᠣᠰᠠᠳᠬᠠᠬᠤ ᠡᠮ ᠪᠠᠭᠠᠵᠢ ᠶᠢ ᠬᠠᠩᠭᠠᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号