ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠤᠨ ᠳᠤᠬᠠᠢ ᠦᠣᠰᠢᠨ ᠬᠤᠰᠢᠭᠤᠨ  ᠤ  ᠠᠷᠠᠳ  ᠤᠨ  ᠵᠠᠰᠠᠭ  ᠤᠨ  ᠣᠷᠳᠣᠨ  ᠤ  ᠵᠠᠷᠯᠢᠭ
ᠨᠡᠶᠢᠲᠡᠯᠡᠭᠰᠡᠨ ᠴᠠᠭ᠄
2019-05-16
                            ᠦᠣᠰᠢᠨ ᠵᠠᠰᠠᠭ ᠳᠠᠷᠬᠠᠭᠠᠬᠤ〔2019〕4 ᠳ᠋ᠦ᠋ᠭᠡᠷ ᠳᠣᠭᠠᠳᠣᠡᠯ᠎ᠡ ᠠᠵᠣ ᠠᠬᠤᠢ ᠶᠢᠨ ᠨᠡᠬᠡᠬᠡᠯᠳᠡ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠨᠢᠭᠡᠴᠢ ᠳᠤ᠄      ᠳᠡᠬᠡᠷ᠎ᠡ ᠡᠪᠣᠯ ᠠᠴᠠ ᠨᠠᠰᠢ ᠣᠳᠣ ᠪᠣᠯᠳᠠᠯ᠎ᠠ ᠮᠠᠨ ᠤᠨ ᠬᠤᠰᠢᠭᠤᠨ ᠳᠤ ᠦᠷᠬᠦᠯᠵᠢᠯᠡᠨ ᠭᠠᠩᠳᠠᠵᠣ᠂ ᠳᠣᠯᠠᠭᠠᠨ ᠤ ᠬᠡᠮᠵᠢᠶ᠎ᠠ ᠨᠠᠯᠢᠶᠠᠳ ᠦᠨᠳᠣᠷᠵᠢᠵᠣ 2018 ᠣᠨ ᠳᠤ ᠡᠪᠡᠰᠣ ᠣᠷᠭᠤᠮᠠᠯ ᠤᠨ ᠣᠷᠭᠤᠴᠠ ᠰᠠᠶᠢᠳᠡᠢ  ᠠᠴᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠤᠨ ᠡᠬᠦᠷᠬᠡ ᠬᠦᠨᠳᠣ ᠶᠣᠮ᠃ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ  ᠶᠢᠨ ᠠᠵᠢᠯ ᠢ ᠴᠢᠩᠭᠠᠳᠬᠠᠵᠣ ᠠᠷᠠᠳ ᠲᠥᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠪᠠ ᠣᠢ ᠰᠢᠭᠤᠢ ᠶᠢᠨ ᠡᠬᠢ ᠪᠠᠶᠠᠯᠢᠭ ᠤᠨ ᠠᠮᠣᠷ ᠲᠦᠪᠰᠢᠨ ᠢ ᠬᠠᠮᠠᠭᠠᠯᠠᠵᠤ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠣᠢ ᠰᠢᠭᠤᠢ ᠨᠣᠳᠤᠭ ᠪᠡᠯᠴᠢᠬᠡᠷ ᠤᠨ ᠭᠠᠯ ᠤᠨ ᠠᠶᠣᠯ ᠤᠨ ᠰᠠᠷᠬᠡᠶᠢᠯᠡᠯᠳᠡ ᠶᠢᠨ ᠲᠦᠷᠢᠮ︾ ᠵᠡᠷᠬᠡ ᠬᠤᠯᠪᠣᠭᠳᠠᠯ ᠪᠦᠬᠦᠢ ᠳᠣᠭᠳᠠᠭᠠᠯ ᠢ ᠦᠨᠳᠣᠰᠣᠯᠡᠨ ᠪᠥᠬᠦ ᠬᠤᠰᠢᠭᠤᠨ ᠤ ᠬᠡᠪᠴᠢᠶᠡᠨ ᠳᠤ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠠᠵᠢᠯ ᠢ ᠶᠠᠪᠣᠭᠳᠠᠭᠤᠯᠬᠤ ᠪᠠᠷ ᠳᠣᠭᠳᠠᠪᠠ᠂ ᠵᠠᠷᠯᠢᠭ ᠳᠣᠣᠷᠠᠬᠢ ᠮᠡᠲᠦ᠄      ᠨᠢᠭᠡ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠠᠵᠢᠯ ᠤᠨ ᠵᠠᠬᠢᠷᠣᠨ ᠬᠠᠮᠢᠶᠠᠷᠬᠤ ᠬᠤᠭᠤᠴᠠᠭ᠎ᠠ᠄ 2019 ᠣᠨ ᠤ 3 ᠰᠠᠷ᠎ᠠ ᠶᠢᠨ 15 ᠤ ᠡᠳᠦᠷ ᠠᠴᠠ 2019 ᠣᠨ ᠤ 6 ᠰᠠᠷ᠎ᠠ ᠶᠢᠨ 15 ᠤ ᠡᠳᠦᠷ ᠬᠥᠷᠲᠡᠯ᠎ᠡ      ᠬᠤᠶᠠᠷ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠠᠵᠢᠯ ᠤᠨ ᠵᠠᠬᠢᠷᠣᠨ ᠬᠠᠮᠢᠶᠠᠷᠬᠤ ᠣᠷᠣᠨ᠄ ᠪᠥᠬᠦ ᠬᠤᠰᠢᠭᠤᠨ ᠤ ᠡᠯ᠎ᠡ ᠤᠯᠤᠰ᠂ ᠬᠠᠮᠲᠦ ᠂ ᠬᠤᠪᠢ ᠶᠢᠨ ᠦᠮᠴᠢᠯᠡᠯᠳᠣ ᠣᠢ ᠰᠢᠭᠤᠢ ᠶᠢᠨ ᠳᠠᠯᠠᠪᠣᠷ ᠥᠷᠲᠡᠭᠡ ᠬᠠᠰᠢᠶ᠎ᠠ ᠂ ᠡᠯᠡᠰᠦ ᠮᠠᠩᠬ᠎ᠠ ᠰᠤᠳᠤᠯᠬᠤ ᠲᠥᠪ᠂ ᠣᠢ ᠰᠢᠭᠤᠢ ᠶᠢᠨ ᠬᠦᠷᠢᠶᠡᠯᠡᠩ᠂ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠶᠢᠯᠠᠷ ᠨᠠᠷᠠᠰᠤᠨ ᠮᠤᠳᠤ ᠲᠠᠷᠢᠬᠤ ᠰᠠᠭᠤᠷᠢᠨ ᠭᠠᠵᠠᠷ᠂ ᠰᠢᠷᠬᠤᠰᠤ ᠶᠢᠨ ᠤᠯᠤᠰ ᠤᠨ ᠨᠣᠭᠤ ᠭᠠᠵᠠᠷ ᠤᠨ ᠴᠡᠴᠡᠷᠯᠢᠭ᠂ ᠬᠤᠲᠠ ᠶᠢᠨ ᠲᠡᠭᠦᠷᠭᠡ᠂ ᠬᠤᠲᠠ ᠶᠢ ᠲᠣᠭᠤᠷᠢᠭᠰᠠᠨ ᠣᠢ ᠶᠢᠨ ᠪᠥᠰᠡ᠂ ᠣᠢ ᠰᠢᠭᠤᠢ ᠨᠤᠲᠤᠭ ᠪᠡᠯᠴᠢᠭᠡᠷ ᠢᠶᠠᠷ ᠭᠤᠣᠯᠯᠠᠭᠰᠠᠨ ᠵᠢᠭᠤᠯᠴᠢᠯᠠᠯ ᠤᠨ ᠣᠷᠣᠨ᠂ ᠠᠮᠢ ᠠᠬᠤᠢ ᠶᠢᠨ ᠰᠡᠷᠭᠦᠯᠲᠡ ᠶᠢᠨ ᠣᠷᠣᠨ᠂ ᠤᠯᠤᠰ ᠤᠨ ᠭᠤᠣᠯᠳᠠᠯᠭᠠᠲᠤ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠳᠠᠷᠢᠮᠠᠯ ᠰᠢᠯᠮᠤᠤᠰᠤᠳᠤ ᠮᠤᠳᠤᠨ ᠣᠢ ᠶᠢᠨ ᠣᠷᠣᠨ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠠᠯ ᠰᠠᠷᠬᠡᠶᠢᠯᠡᠯᠳᠡ ᠶᠢᠨ ᠪᠣᠰᠤᠳ ᠭᠤᠣᠯᠳᠠᠯᠭᠠᠲᠤ ᠣᠷᠣᠨ᠃      ᠭᠤᠷᠪᠠ᠂ ᠡᠯ᠎ᠡ ᠠᠵᠣ ᠠᠬᠤᠢ ᠶᠢᠨ ᠨᠡᠬᠡᠬᠡᠯᠳᠡ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠪᠠᠶᠢᠭᠤᠯᠭ᠎ᠠ ᠨᠢᠬᠡᠴᠢ ᠡᠷᠬᠡᠪᠰᠢ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠢ ᠰᠡᠷᠭᠡᠶᠢᠯᠡᠬᠦ ︽ᠲᠠᠪᠤᠨ ᠪᠠᠷᠢᠮᠵᠢᠶ᠎ᠠ︾ ᠶᠢ ᠴᠢᠩᠭ᠎ᠠ ᠬᠡᠷᠡᠭᠵᠢᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠢ ᠰᠠᠷᠬᠡᠶᠢᠯᠡᠬᠦ ᠬᠠᠷᠢᠭᠤᠴᠠᠯᠭ᠎ᠠ ᠶᠢᠨ ᠳᠥᠷᠢᠮ ᠢ ᠭᠦᠨᠵᠡᠭᠡᠢ  ᠳᠣᠭᠤᠰᠢᠯᠠᠭᠤᠯᠣᠨ ᠨᠠᠶᠢᠲᠠᠪᠤᠷᠢᠵᠢᠭᠤᠯᠵᠤ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠢ ᠪᠠᠶᠢᠷᠢᠯᠠᠭᠤᠯᠤᠨ ᠪᠠᠶᠢᠴᠠᠭᠠᠵᠤ ᠠᠰᠠᠭᠤᠳᠠᠯ ᠪᠠᠶᠢᠪᠠᠯ ᠴᠠᠭ ᠳᠣᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠭᠠᠯ ᠤᠨ ᠠᠶᠤᠯ ᠭᠠᠷᠪᠠᠯ ᠡᠷᠬᠡᠪᠰᠢ ᠳᠣᠬᠠᠢ ᠶᠢᠨ ᠲᠠᠯᠠᠪᠠᠢ ᠳᠤ ᠬᠦᠷᠴᠦ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠪᠡᠶ᠎ᠡ ᠪᠠᠷ ᠢᠶᠠᠨ ᠵᠢᠯᠣᠭᠤᠳᠬᠤ ᠬᠡᠷᠡᠭᠲᠡᠢ᠃      ᠳᠥᠷᠪᠡ᠂ ᠭᠠᠯ ᠤᠨ ᠠᠶᠣᠯ ᠤᠨ ᠰᠡᠷᠬᠡᠶᠢᠯᠡᠯᠳᠡ ᠶᠢᠨ ᠵᠠᠬᠢᠷᠣᠨ ᠬᠠᠮᠢᠶᠠᠷᠬᠤ ᠣᠷᠣᠨ ᠤ ᠳᠣᠲᠣᠷ᠎ᠠ ᠡᠪᠡᠰᠤ ᠪᠡᠯᠴᠢᠭᠡᠷ ᠢ ᠴᠣᠷᠮᠠᠳᠠᠬᠤ ᠪᠠ ᠬᠤᠭ ᠨᠣᠪᠰᠢ ᠶᠢ ᠰᠢᠲᠠᠭᠠᠬᠤ᠂ ᠳᠠᠷᠢᠶᠠᠨ ᠭᠠᠵᠠᠷ ᠪᠡᠯᠴᠢᠬᠡᠷ ᠳᠠᠬᠢ ᠬᠠᠳᠠᠭᠰᠠᠨ ᠡᠪᠡᠰᠣ ᠪᠠ ᠳᠠᠷᠢᠶᠠᠨ ᠤ ᠦᠯᠡᠳᠡᠭᠳᠡᠯ ᠢ ᠰᠢᠳᠠᠭᠠᠵᠣ ᠪᠣᠷᠳᠣᠭᠤᠷ ᠪᠣᠯᠭᠠᠬᠤ᠂ ᠡᠰᠢ ᠰᠦᠷᠡᠯ ᠢ ᠰᠢᠳᠠᠭᠠᠬᠤ᠂ ᠬᠡᠬᠡᠷ᠎ᠡ ᠭᠠᠳᠠᠭ᠎ᠠ ᠳᠠᠮᠡᠬᠢ ᠳᠠᠳᠠᠬᠤ᠂ ᠭᠡᠬᠦᠷ ᠣᠩᠭᠤᠨ ᠳᠤ ᠰᠢᠷᠤᠢ ᠨᠡᠮᠡᠵᠤ ᠴᠠᠭᠠᠰᠤ ᠲᠦᠯᠡᠬᠦ᠂ ᠬᠡᠭᠡᠷ᠎ᠡ ᠭᠠᠳᠠᠨ᠎ᠠ ᠬᠤᠭᠤᠯᠠᠯᠯᠠᠬᠤ᠂ ᠬᠤᠸᠠᠷ ᠫᠣᠤᠵᠢᠩ ᠲᠠᠯᠪᠢᠬᠤ᠂ ᠳᠤᠯᠠᠭᠠᠴᠠᠬᠤ᠂ ᠭᠠᠯ ᠤᠨ ᠣᠴᠢ ᠲᠠᠢ ᠦᠯᠡᠳᠡᠭᠰᠡᠨ ᠰᠢᠲᠠᠮᠠᠬᠠᠢ ᠪᠣᠳᠠᠰ ᠢ ᠬᠡᠭᠡᠷ᠎ᠡ ᠭᠠᠳᠠᠨ᠎ᠠ ᠠᠰᠬᠠᠵᠤ ᠬᠠᠶᠠᠬᠤ ᠵᠢᠴᠢ ᠦᠢᠯᠡᠳᠪᠤᠷᠢᠯᠡᠯ ᠪᠠ ᠣᠶᠢᠯᠡᠳᠪᠣᠷᠢᠯᠡᠯ ᠤᠨ ᠪᠣᠰᠣ ᠴᠢᠨᠡᠷᠳᠡᠢ ᠭᠠᠯ ᠬᠡᠷᠡᠭᠯᠡᠬᠦ ᠶᠢ ᠴᠢᠩᠭ᠎ᠠ ᠬᠤᠷᠢᠭᠯᠠᠬᠤ ᠬᠡᠷᠡᠭᠲᠡᠢ᠃ ᠦᠢᠯᠡᠳᠪᠥᠷᠢᠯᠡᠯ ᠪᠠ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠣᠯ ᠲᠣᠭᠲᠠᠭᠠᠯ ᠶᠤᠰᠤᠭᠠᠷ ᠬᠤᠰᠢᠭᠤ ᠣᠢ ᠰᠢᠭᠤᠢ ᠶᠢᠨ ᠰᠠᠯᠠᠭ᠎ᠠ ᠮᠥᠴᠢᠷ ᠠᠴᠠ ᠵᠦᠪᠰᠢᠶᠡᠷᠡᠯ ᠠᠪᠴᠤ᠂ ᠦᠢᠯᠡᠳᠪᠥᠷᠢᠯᠡᠯ ᠤᠨ ᠴᠢᠨᠠᠷᠲᠠᠢ ᠭᠠᠯ ᠬᠡᠷᠡᠭᠯᠡᠬᠦ ᠶᠢ ᠵᠥᠪᠰᠢᠶᠡᠷᠡᠭᠦᠯᠵᠦ᠂ ᠭᠠᠯ ᠤᠨ ᠠᠶᠣᠯ ᠤᠨ ᠰᠡᠷᠬᠡᠶᠢᠯᠡᠯᠳᠡ ᠶᠢᠨ ᠨᠠᠶᠢᠲᠠᠪᠤᠷᠢᠲᠠᠢ ᠠᠷᠭ᠎ᠠ ᠬᠡᠮᠵᠢᠶ᠎ᠡ ᠠᠪᠤᠪᠠᠯ ᠰᠠᠶ᠋ᠢ ᠭᠠᠯ ᠬᠡᠷᠡᠭᠯᠡᠵᠦ ᠪᠣᠯᠤᠨ᠎ᠠ᠃ ᠭᠤᠷᠪᠠᠳᠤᠭᠠᠷ ᠳᠡᠰ ᠠᠴᠠ ᠳᠡᠭᠡᠭᠰᠢ ᠳᠡᠰ ᠤᠨ ᠰᠠᠯᠬᠢᠨ ᠲᠠᠢ ᠪᠠᠶᠢᠬᠤ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃     ᠲᠠᠪᠤ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠠᠵᠢᠯ ᠤᠨ ᠵᠠᠬᠢᠷᠣᠨ ᠬᠠᠮᠢᠶᠠᠷᠬᠤ ᠣᠷᠣᠨ ᠤ ᠳᠣᠲᠣᠷ᠎ᠠ ᠡᠯ᠎ᠡ ᠣᠢ ᠰᠢᠭᠤᠢ ᠶᠢᠨ ᠦᠢᠯᠡᠳᠪᠤᠷᠢᠯᠡᠯ ᠤᠨ ᠠᠵᠢᠯᠯᠠᠬᠤ ᠴᠡᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠵᠢᠭᠤᠯᠴᠢᠯᠠᠯ ᠤᠨ ᠦᠵᠡᠮᠵᠢ ᠶᠢᠨ ᠴᠡᠭ ᠵᠢᠴᠢ ᠵᠠᠰᠠᠮᠠᠯ ᠵᠠᠮ᠂ ᠴᠠᠬᠢᠯᠭᠠᠨ ᠬᠦᠴᠦ᠂ ᠴᠢᠯᠠᠭᠤᠨ ᠳᠣᠰᠤ᠂ ᠪᠠᠶᠢᠭᠠᠯᠢ ᠶᠢᠨ ᠰᠢᠲᠠᠮᠠᠬᠠᠢ ᠬᠡᠢ ᠵᠡᠷᠬᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠡᠷᠬᠡᠪᠰᠢ ᠬᠡᠭᠡᠷ᠎ᠡ ᠭᠠᠳᠠᠨ᠎ᠠ ᠭᠠᠯ ᠤᠨ ᠠᠶᠤᠯ ᠭᠠᠷᠬᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠨ ᠳᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠭᠡᠰᠢᠭᠦᠨ ᠪᠠ ᠪᠠᠭᠠᠵᠢ ᠬᠡᠷᠡᠭᠰᠡᠯ ᠢ ᠭᠦᠢᠴᠡᠳ ᠲᠥᠬᠦᠷᠵᠢᠭᠦᠯᠬᠦ ᠬᠡᠷᠡᠭᠲᠡᠢ᠃ ︽ᠣᠢ ᠰᠢᠭᠤᠢ ᠶᠢᠨ ᠭᠠᠯ ᠤᠨ ᠠᠶᠣᠯ ᠤᠨ ᠰᠡᠷᠬᠡᠶᠢᠯᠡᠯᠳᠡ ᠶᠢᠨ  ᠲᠥᠷᠢᠮ︾᠂ ︽ᠨᠣᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠲᠥᠷᠢᠮ︾᠂ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠲᠥᠷᠢᠮ︾ ᠤᠨ ᠬᠤᠯᠪᠣᠭᠳᠠᠯ ᠪᠥᠬᠦᠢ ᠲᠣᠭᠲᠠᠭᠠᠯ ᠳᠤ ᠨᠡᠶᠢᠴᠡᠬᠦ ᠦᠭᠡᠢ ᠵᠦᠢᠯ ᠢ ᠴᠥᠮ ᠲᠣᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠨ᠎ᠠ᠃ ᠡᠯ᠎ᠡ ᠰᠣᠮᠣ ᠪᠠᠯᠭᠠᠰᠣᠨ ᠤ ᠬᠢᠨ ᠣᠢ ᠰᠢᠭᠤᠢ ᠶᠢᠨ ᠬᠠᠮᠠᠭᠠᠯᠠᠭᠴᠢ᠂ ᠰᠦᠢᠳᠬᠡᠯ ᠬᠤᠷᠢᠶᠠᠬᠤ ᠦᠷᠳᠡᠭᠡ᠂ ᠵᠠᠰᠠᠮᠠᠯ ᠵᠠᠮ  ᠤᠨ ᠬᠠᠮᠢᠶᠠᠷᠣᠯᠳᠠ ᠶᠢᠨ ᠠᠩᠬᠢ᠂ ᠶᠠᠷᠦᠩᠬᠡᠶᠢᠯᠡᠭᠰᠡᠠ ᠬᠠᠣᠯᠢ ᠬᠡᠷᠡᠭᠵᠢᠬᠦᠯᠥᠯᠳᠡ ᠵᠡᠷᠬᠡ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠣᠨ ᠬᠠᠷᠢᠶᠠᠳᠣ ᠣᠷᠣᠨ ᠤ ᠳᠣᠳᠣᠷᠠᠬᠢ ᠵᠠᠮ ᠤᠨ ᠬᠤᠶᠡᠷ ᠳᠠᠯ᠎ᠠ ᠵᠢᠴᠢ ᠭᠤᠣᠯᠳᠠᠯᠭᠠᠳᠣ ᠣᠷᠣᠨ ᠪᠦᠰᠠ ᠪᠠᠷ ᠬᠠᠶᠠᠵᠣ ᠣᠷᠬᠢᠭᠰᠠᠨ ᠨᠡᠬᠦᠷᠠᠰᠣᠨ ᠬᠡᠮᠬᠡᠳᠡᠭ᠂ ᠬᠤᠭ ᠡᠪᠡᠰᠣ ᠵᠡᠷᠬᠡ ᠰᠢᠳᠠᠮᠠᠬᠠᠢ ᠪᠣᠳᠠᠰ ᠢ ᠳᠣᠭᠳᠠᠭᠰᠠᠨ ᠬᠤᠭᠤᠴᠠᠭ᠎ᠠ ᠲᠠᠢ ᠪᠠᠷ ᠴᠡᠪᠡᠷᠯᠡᠬᠦ ᠬᠡᠷᠡᠭᠳᠡᠢ᠃ ᠠᠮᠢ ᠠᠬᠤᠢ ᠣᠷᠴᠢᠨ ᠳᠣᠭᠤᠷᠢᠨ᠂ ᠳᠠᠷᠢᠶᠠᠯᠠᠩ ᠮᠠᠯ ᠠᠵᠣ ᠠᠬᠤᠢ ᠵᠡᠷᠬᠡ ᠰᠠᠯᠠᠭ᠎ᠠ ᠮᠦᠴᠢᠷ ᠤᠨ ᠬᠢᠨ ᠡᠰᠢ ᠰᠦᠷᠡᠯ᠂ ᠳᠠᠷᠢᠶᠠᠨ ᠭᠠᠵᠠᠷ  ᠳᠠᠬᠢ ᠳᠠᠷᠢᠶᠠᠨ ᠶᠣᠵᠣᠭᠤᠷ᠂ ᠬᠠᠳᠠᠭᠰᠠᠨ ᠡᠪᠡᠰᠣ ᠶᠢ ᠰᠢᠳᠠᠭᠠᠵᠣ ᠪᠣᠷᠳᠣᠭᠤᠷ ᠪᠣᠯᠭᠠᠬᠤ ᠵᠡᠷᠬᠡ ᠶᠢ ᠪᠠᠶᠢᠴᠠᠭᠠᠨ ᠰᠢᠢᠳᠪᠣᠷᠢᠯᠡᠬᠦ ᠬᠦᠴᠦᠯᠡᠴᠡ ᠶᠢ ᠴᠢᠩᠭᠠᠳᠬᠠᠨ᠎ᠠ᠃      ᠵᠢᠷᠭᠤᠭ᠎ᠠ᠂ ᠵᠠᠮ ᠬᠠᠷᠢᠯᠴᠠᠭ᠎ᠠ ᠳᠡᠬᠡᠬᠡᠪᠣᠷᠢ᠂ ᠳᠣᠳᠣᠭᠠᠳᠣ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠥᠯᠳᠡ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠠᠰᠣᠨ ᠮᠠᠰᠢᠨ᠂ ᠰᠢᠣᠳᠠᠨ ᠶᠠᠪᠣᠳᠠᠯ᠂ ᠪᠠᠷᠠᠭᠠᠨ ᠬᠦᠢᠯᠬᠡᠬᠡ᠂ ᠲᠦᠷᠬᠡᠨ ᠬᠦᠷᠬᠡᠯᠳᠡ ᠵᠡᠷᠬᠡ ᠡᠵᠡᠩᠨᠡᠯᠳᠡ ᠬᠠᠮᠢᠶᠠᠷᠣᠯᠳᠠ ᠶᠢᠨ ᠪᠠᠶᠢᠭᠤᠯᠭ᠎ᠠ ᠨᠢᠬᠡᠴᠢ ᠶᠢᠨ  ᠬᠢᠨ ᠦᠩᠬᠡᠷᠡᠨ ᠭᠠᠷᠬᠤ ᠮᠠᠰᠢᠨ ᠳᠡᠷᠬᠡ ᠬᠦᠮᠦᠰ ᠲᠤ ᠤᠬᠠᠭᠤᠯᠭ᠎ᠠ ᠬᠥᠮᠤᠵᠢᠯ ᠪᠠ ᠬᠠᠮᠢᠶᠠᠷᠣᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠵᠣ᠂ ᠲᠠᠮᠠᠬᠢᠨ ᠶᠣᠵᠣᠭᠤᠷ ᠵᠡᠷᠭᠡ ᠭᠠᠯ ᠤᠨ ᠣᠴᠢ ᠶᠢ ᠭᠠᠳᠠᠭᠰᠢ ᠬᠠᠶᠠᠵᠤ ᠣᠷᠬᠢᠬᠤ ᠶᠢ ᠴᠢᠩᠭ᠎ᠠ ᠬᠤᠷᠢᠭᠯᠠᠨ᠎ᠠ᠃ ᠵᠢᠯᠣᠭᠤᠴᠢ ᠪᠠ ᠲᠡᠷᠭᠡ ᠶᠢ ᠳᠠᠭᠠᠵᠤ ᠬᠠᠮᠢᠶᠠᠷᠤᠯᠲᠠ ᠬᠢᠬᠦ ᠠᠵᠢᠯᠲᠠᠨ ᠪᠣᠯ ᠭᠠᠯ ᠢ ᠰᠡᠷᠭᠡᠶᠢᠯᠡᠬᠦ ᠬᠠᠷᠢᠭᠤᠴᠠᠯᠭᠠᠲᠠᠨ ᠪᠣᠯᠤᠨ᠎ᠠ᠃ ᠡᠯ᠎ᠡ ᠰᠣᠮᠣ ᠪᠠᠯᠭᠠᠰᠤ ᠵᠢᠴᠢ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ  ᠤᠨ ᠬᠢᠨ ᠣᠢ ᠰᠢᠭᠤᠢ᠂ ᠨᠣᠲᠤᠭ ᠪᠡᠯᠴᠢᠭᠡᠷ ᠤᠨ ᠣᠷᠣᠨ ᠳᠤ ᠬᠦᠷᠬᠦ ᠵᠠᠮ ᠤᠨ ᠠᠮᠠᠨ ᠳᠤ ᠲᠦᠷ ᠴᠠᠭ ᠤᠨ ᠭᠠᠯ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠪᠠᠶᠢᠭᠤᠯᠵᠤ᠂ ᠭᠠᠯ ᠤᠨ ᠠᠶᠣᠯ ᠤᠨ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠮᠠᠰᠢᠨ ᠡᠷᠬᠡᠪᠰᠢ ᠨᠥᠬᠦᠴᠡᠯ ᠦᠭᠡᠢ ᠪᠠᠷ ᠵᠢᠵᠢᠭᠦᠷᠯᠡᠬᠦ ᠬᠦᠮᠦᠰ ᠤᠨ ᠪᠠᠶᠢᠴᠠᠭᠠᠯᠲᠠ ᠶᠢ ᠬᠦᠯᠢᠶᠡᠨ ᠠᠪᠬᠤ ᠬᠡᠷᠡᠭᠲᠡᠢ᠃ ᠭᠠᠯ ᠡᠭᠦᠰᠭᠡᠭᠴᠢ ᠶᠢ ᠢᠯᠡᠷᠡᠭᠦᠯᠪᠡᠯ ᠡᠷᠡᠰ ᠦᠯᠡᠳᠡᠭᠡᠨ ᠠᠪᠴᠤ᠂ ᠭᠠᠯ ᠡᠭᠦᠰᠭᠡᠭᠴᠢ ᠶᠢ ᠠᠪᠴᠤ ᠣᠢ ᠳᠤ ᠣᠷᠣᠬᠤ ᠦᠭᠡᠢ ᠶᠢ ᠦᠨᠡᠨ ᠬᠦ ᠪᠡᠶᠡᠯᠡᠭᠦᠯᠵᠦ ᠲᠥᠷᠢᠮ ᠠᠴᠠ ᠵᠦᠷᠢᠴᠡᠨ ᠭᠠᠯ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠶᠢ ᠵᠠᠬᠢᠷᠣᠨ ᠬᠠᠮᠢᠶᠠᠷᠬᠤ ᠬᠤᠭᠤᠴᠠᠭᠠᠨ ᠳᠤ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠣᠢ ᠰᠢᠭᠤᠢ᠂ ᠨᠣᠲᠤᠭ ᠪᠡᠯᠴᠢᠭᠡᠷ ᠤᠨ ᠣᠷᠣᠨ ᠳᠤ ᠬᠦᠷᠬᠦ ᠵᠠᠮ ᠤᠨ ᠠᠮᠠᠨ ᠳᠤ ᠲᠦᠷ ᠴᠠᠭ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠪᠠᠶᠢᠴᠠᠭᠠᠬᠤ ᠥᠷᠲᠡᠭᠡ ᠪᠠᠶᠢᠭᠤᠯᠵᠤ᠂ ᠭᠠᠯ ᠤᠨ ᠠᠶᠣᠯ ᠤᠨ ᠰᠡᠷᠬᠡᠶᠢᠯᠡᠯᠳᠡ ᠶᠢᠨ ᠣᠷᠣᠨ ᠢᠶᠠᠷ ᠥᠩᠭᠡᠷᠡᠬᠦ ᠲᠡᠷᠭᠡ ᠮᠠᠰᠢᠨ ᠡᠷᠬᠡᠪᠰᠢ ᠨᠥᠬᠦᠴᠡᠯ ᠦᠭᠡᠢ ᠪᠠᠷ ᠵᠢᠵᠢᠭᠦᠷᠯᠡᠬᠦ ᠬᠦᠮᠦᠰ ᠤᠨ ᠪᠠᠶᠢᠴᠠᠭᠠᠯᠲᠠ ᠶᠢ ᠬᠦᠯᠢᠶᠡᠨ ᠠᠪᠬᠤ ᠬᠡᠷᠡᠭᠲᠡᠢ᠃ ᠭᠠᠯ ᠡᠭᠦᠰᠭᠡᠭᠴᠢ ᠶᠢ ᠢᠯᠡᠷᠡᠭᠦᠯᠪᠡᠯ ᠡᠷᠡᠰ ᠦᠯᠡᠳᠡᠭᠡᠨ ᠠᠪᠴᠤ᠂ ᠭᠠᠯ ᠡᠭᠦᠰᠭᠡᠭᠴᠢ ᠶᠢ ᠠᠪᠴᠤ ᠣᠢ ᠳᠤ ᠣᠷᠣᠬᠤ ᠦᠭᠡᠢ ᠪᠠᠶᠢᠵᠣ ᠲᠥᠷᠢᠮ ᠠᠴᠠ ᠵᠦᠷᠢᠴᠡᠨ ᠭᠠᠯ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃      ᠳᠣᠯᠤᠭ᠎ᠠ᠂ ᠭᠠᠯ ᠤᠨ ᠠᠶᠤᠯ ᠤᠨ ᠰᠠᠷᠬᠡᠶᠢᠯᠡᠯᠳᠡ ᠶᠢᠨ ᠴᠢᠩᠭ᠎ᠠ ᠵᠠᠬᠢᠷᠣᠨ ᠬᠠᠮᠢᠶᠠᠷᠬᠤ ᠬᠤᠭᠤᠴᠠᠭᠠᠨ ᠳᠤ ᠡᠯ᠎ᠡ ᠰᠣᠮᠣ ᠪᠠᠯᠭᠠᠰᠤ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠡᠷᠬᠡᠪᠰᠢ ᠳᠥᠰᠦᠪ ᠤᠨ ᠵᠠᠰᠠᠯᠲᠠ ᠪᠠ ᠪᠣᠯᠪᠠᠰᠤᠷᠠᠯ ᠢ ᠰᠠᠶᠢᠲᠤᠷ ᠬᠢᠵᠤ᠂ ᠡᠯ᠎ᠡ ᠵᠦᠢᠯ ᠤᠨ ᠭᠠᠯ ᠤᠨᠲᠠᠷᠠᠭᠠᠬᠤ ᠡᠩᠨᠡᠭᠡ ᠪᠣᠯᠤᠨ ᠭᠤᠣᠯ ᠪᠠᠶᠢᠯᠳᠤᠬᠤ ᠬᠦᠴᠦ ᠶᠢ ᠡᠮᠤᠨ᠎ᠡ ᠹᠷᠣᠨᠲ ᠲᠤ ᠪᠠᠶᠢᠷᠢᠯᠠᠭᠤᠯᠵᠤ᠂ ᠴᠠᠭ ᠢᠮᠠᠭᠲᠠ ᠪᠡᠯᠡᠳᠬᠡᠯ ᠲᠠᠢ ᠪᠠᠶᠢᠵᠤ᠂ ᠭᠠᠯ ᠤᠨᠲᠠᠷᠠᠭᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠨ᠎ᠡ᠃ ᠬᠡᠷᠪᠡ ᠭᠠᠯ ᠤᠨ ᠠᠶᠤᠯ ᠢ ᠰᠡᠷᠡᠵᠦ ᠮᠡᠳᠡᠪᠡᠯ ᠳᠠᠪᠠᠭᠤᠯᠢᠭ ᠬᠦᠴᠦ ᠶᠢ ᠲᠥᠪᠯᠡᠷᠡᠭᠦᠯᠵᠦ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠠᠴᠠ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠪᠥᠬᠦᠨ ᠢ ᠤᠨᠲᠠᠷᠠᠭᠠᠬᠤ︾ ᠶᠢ ᠪᠡᠶᠡᠯᠡᠭᠦᠯᠵᠦ᠂ ᠠᠵᠢᠯᠲᠠᠨ ᠤ ᠰᠢᠷᠬᠠᠳᠤᠯ ᠠᠳᠡᠭᠳᠡᠯ ᠡᠭᠦᠰᠬᠦ ᠶᠢ ᠡᠷᠡᠰ ᠬᠤᠷᠢᠭᠯᠠᠨ᠎ᠠ᠃      ᠨᠠᠢᠮᠠ᠂ ᠭᠠᠯ ᠤᠨ ᠠᠶᠤᠯ ᠤᠨ ᠰᠠᠷᠬᠡᠶᠢᠯᠡᠯᠳᠡ ᠶᠢ ᠵᠠᠬᠢᠷᠣᠨ ᠬᠠᠮᠢᠶᠠᠷᠬᠤ ᠬᠤᠭᠤᠴᠠᠭᠠᠨ ᠳᠤ ᠭᠠᠯ ᠤᠨ ᠠᠶᠣᠯ  ᠤᠨ ᠰᠡᠷᠬᠡᠶᠢᠯᠡᠯᠳᠡ ᠶᠢᠨ ᠠᠷᠭ᠎ᠠ ᠬᠡᠮᠵᠢᠶ᠎ᠡ ᠱᠠᠭᠠᠷᠳᠠᠯᠭ᠎ᠠ ᠳᠤ ᠬᠦᠷᠬᠦ ᠦᠭᠡᠢ᠂ ᠲᠣᠭᠲᠠᠭᠠᠯ ᠠᠴᠠ ᠵᠥᠷᠢᠴᠡᠵᠤ ᠳᠤᠷ᠎ᠠ ᠪᠠᠷ ᠭᠠᠯ ᠤᠨ ᠠᠶᠣᠯ ᠤᠨ ᠰᠡᠷᠬᠡᠶᠢᠯᠡᠯᠳᠡ ᠶᠢᠨ ᠬᠠᠮᠢᠶᠠᠷᠥᠯᠲᠠ ᠶᠢᠨ ᠣᠷᠣᠨ ᠳᠤ ᠭᠠᠯ ᠬᠡᠷᠡᠭᠯᠡᠬᠦ᠂ ᠠᠳᠠᠯ ᠠᠴᠠ ᠪᠣᠯᠵᠤ ᠣᠢ ᠰᠢᠭᠤᠢ ᠶᠢᠨ ᠭᠠᠯ ᠤᠨ ᠠᠶᠤᠯ ᠡᠭᠦᠰᠬᠦ᠂ ᠵᠣᠷᠢᠯᠭ᠎ᠠ ᠲᠠᠢ ᠪᠠᠷ ᠭᠠᠯ ᠲᠠᠯᠪᠢᠬᠤ᠂ ᠭᠠᠯ ᠤᠨᠲᠠᠷᠠᠭᠠᠬᠤ ᠵᠢᠯᠣᠭᠤᠳᠣᠯᠭ᠎ᠠ ᠶᠢ ᠳᠠᠭᠠᠬᠤ ᠦᠭᠡᠢ᠂ ᠭᠠᠯ ᠤᠨᠲᠠᠷᠠᠭᠠᠬᠤ ᠠᠵᠢᠯ ᠢ ᠨᠥᠯᠦᠭᠡᠯᠡᠬᠦ ᠵᠡᠷᠭᠡ ᠦᠢᠯᠡ ᠠᠵᠢᠯᠯᠠᠭ᠎ᠠ ᠶᠢ ︽ᠣᠢ ᠰᠢᠭᠤᠢ ᠶᠢᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠲᠥᠷᠢᠮ︾᠂ ︽ᠨᠣᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠲᠥᠷᠢᠮ︾᠂ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠲᠥᠷᠢᠮ︾ ᠤᠨ ᠬᠤᠯᠪᠣᠭᠳᠠᠯ ᠪᠥᠬᠦᠢ ᠲᠣᠭᠲᠠᠭᠠᠯ ᠢᠶᠠᠷ ᠪᠠᠶᠢᠳᠠᠯ ᠤᠨ ᠬᠦᠨᠳᠦ ᠬᠥᠩᠭᠡᠨ ᠢ ᠦᠵᠡᠵᠦ ᠬᠤᠯᠪᠣᠭᠲᠠᠯ ᠪᠥᠬᠦᠢ ᠨᠢᠭᠡᠴᠢ ᠪᠣᠶᠥ ᠬᠤᠪᠢ ᠬᠦᠮᠦᠨ ᠳᠤ ᠰᠢᠳᠬᠡᠯ ᠥᠭᠴᠦ᠂ ᠬᠠᠤᠯᠢ ᠵᠦᠷᠢᠴᠡᠵᠤ ᠶᠠᠯ᠎ᠠ ᠬᠢᠭᠰᠡᠨ ᠰᠡᠵᠢᠭᠲᠡᠢ ᠪᠠᠶᠢᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠡᠬᠦ ᠬᠡᠷᠡᠭᠲᠡᠢ᠃ ᠪᠠᠶᠢᠴᠠᠭᠠᠯᠲᠠ ᠪᠠᠷ ᠳᠠᠮᠵᠢᠵᠤ ᠢᠯᠡᠷᠡᠬᠦᠯᠥᠭᠰᠡᠨ ᠬᠠᠷᠢᠶᠠᠳᠣ ᠣᠷᠣᠨ ᠤ ᠲᠣᠲᠣᠷ᠎ᠠ ᠣᠷᠣᠰᠢᠵᠤ ᠪᠠᠶᠢᠭ᠎ᠠ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ ᠨᠠᠶᠢᠲᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠬᠦᠴᠦᠲᠠᠢ ᠪᠢᠰᠢ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠬᠦᠷᠥᠯᠴᠡᠬᠦ ᠦᠭᠡᠢ ᠵᠡᠷᠭᠡ ᠠᠰᠠᠭᠤᠳᠠᠯ ᠢ ︽ᠦᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠣᠯ ᠤᠨ ᠰᠡᠷᠬᠡᠶᠢᠯᠡᠯᠳᠡ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠲᠥᠷᠢᠮ ︾ ᠤᠨ ᠬᠤᠯᠪᠣᠭᠳᠠᠯ ᠪᠥᠬᠦᠢ ᠲᠣᠭᠲᠠᠭᠠᠯ ᠢ ᠦᠨᠳᠥᠰᠦᠯᠡᠵᠤ ᠡᠯ᠎ᠡ ᠱᠠᠲᠤᠨ ᠤ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃       ᠶᠢᠰᠤ᠂ ᠶᠠᠮᠡᠷᠪᠠ ᠨᠢᠭᠡᠴᠢ ᠪᠠ ᠬᠤᠪᠢ ᠬᠦᠮᠦᠨ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ  ᠲᠠᠢ ᠪᠠᠶᠢᠬᠤ ᠪᠠᠶᠢᠳᠠᠯ ᠢ ᠣᠯᠵᠤ ᠮᠡᠳᠡᠪᠡᠯ ᠴᠠᠭ ᠳᠣᠬᠠᠢ ᠳᠤᠨᠢ ᠳᠣᠬᠠᠢ ᠶᠢᠨ ᠭᠠᠵᠠᠷ ᠤᠨ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠪᠣᠯᠤᠨ ᠬᠤᠰᠢᠭᠤ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠶᠠᠮᠡᠷᠪᠠ ᠨᠢᠭᠡᠴᠢ ᠪᠠ ᠬᠤᠪᠢ ᠬᠦᠮᠦᠨ ᠨᠢ ᠲᠥᠯᠤᠪᠥᠷᠢ ᠦᠭᠡᠢ ᠪᠠᠷ ᠲᠥᠭᠰᠢᠭᠦᠷᠢ ᠮᠡᠳᠡᠭᠦᠯᠬᠦ ᠳᠤ ᠲᠥᠭᠦᠮ ᠦᠵᠡᠭᠦᠯᠵᠤ᠂ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠢ ᠬᠤᠳᠠᠯ ᠮᠡᠳᠡᠭᠦᠯᠬᠦ᠂ ᠳᠤᠷ᠎ᠠ ᠪᠠᠷ ᠮᠡᠳᠡᠬᠦᠯᠬᠦ᠂ ᠨᠢᠭᠤᠭᠠᠳ ᠮᠡᠳᠡᠬᠦᠯᠬᠦ ᠦᠭᠡᠢ ᠵᠡᠷᠭᠡ ᠪᠠᠶᠢᠳᠠᠯ ᠢ ᠡᠷᠡᠰ ᠬᠤᠷᠢᠭᠯᠠᠬᠤ ᠬᠡᠷᠡᠭᠳᠡᠢ᠃        ᠲᠥᠭᠰᠢᠭᠦᠷᠢ ᠮᠡᠳᠡᠭᠦᠯᠬᠦ ᠤᠲᠠᠰᠤ᠄ 12119     0477 —7581992                  ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                        2019 ᠣᠨ ᠤ 3 ᠰᠠᠷ᠎ᠠ ᠶᠢᠨ 15 ᠤ ᠡᠳᠦᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号